ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠪᠦᠦ ᠭᠠᠩ 2020 ᠣᠨ᠎ᠤ ᠳᠡᠭᠡᠷ᠎ᠡ ᠬᠠᠭᠠᠰ ᠵᠢᠯ᠎ᠦᠨ ᠦᠨᠳᠤᠦᠰᠦᠲᠡᠨ᠎ᠦ ᠠᠵᠢᠯ᠎ᠤᠨ ᠲᠤᠰᠭᠠᠢ ᠰᠡᠳᠦᠪᠲᠦ᠍ ᠬᠠᠷᠢᠭᠤ ᠮᠡᠳᠡᠭᠦᠯᠦᠯᠲᠡ᠎ᠶᠢ ᠰᠣᠨᠣᠰᠪᠠ
ᠦᠰᠦᠭ : 2020-07-15 00:00:00
ᠤᠩᠰᠢᠭᠰᠠᠨ ᠤᠳᠠᠭ᠎ᠠ : ᠨᠠᠢᠷᠠᠭᠤᠯᠤᠭᠴᠢ : ᠯᠢᠶᠠᠩ ᠬᠠᠢ ᠢᠦᠢ

    2020 ᠣᠨ᠎ᠤ 7 ᠳ᠋ᠤᠭᠠᠷ ᠰᠠᠷ᠎ᠠ᠎ᠶᠢᠨ 15 ᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠦ ᠳᠡᠳ᠋ ᠲᠡᠷᠢᠭᠦᠯᠡᠭᠴᠢ ᠪᠦᠦ ᠭᠠᠩ ᠬᠤᠷᠠᠯ ᠡᠷᠬᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ 2020 ᠣᠨ᠎ᠦ ᠳᠡᠭᠡᠷ᠎ᠡ ᠬᠠᠭᠠᠰ ᠵᠢᠯ᠎ᠦᠨ ᠭᠣᠣᠯᠳᠠᠯᠭᠠᠲᠤ᠌ ᠠᠵᠢᠯ᠎ᠤᠨ ᠲᠤᠬᠠᠢ ᠲᠤᠰᠭᠠᠢ ᠰᠡᠳᠦᠪᠲᠦ᠍ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠳᠣᠣᠷ᠎ᠠ ᠬᠠᠭᠠᠰ ᠵᠢᠯ᠎ᠦᠨ ᠠᠵᠢᠯ᠎ᠤ᠋ᠨ ᠲᠤᠬᠠᠢ ᠲᠣᠳᠤᠷᠬᠠᠢ ᠱᠠᠭᠠᠷᠳᠠᠯᠭ᠎ᠠ ᠳᠤᠷᠠᠳᠪᠠ᠃ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠂ ᠡᠷᠬᠢᠯᠡᠭᠴᠢ ᠴᠢ ᠵᠢᠨ ᠢᠦᠶ ᠠᠵᠢᠯ᠎ᠤᠨ ᠬᠠᠷᠢᠭᠤ ᠮᠡᠳᠡᠭᠦᠯᠦᠯᠲᠡ ᠬᠢᠵᠦ᠍ ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠰᠦᠨ ᠯᠢ ᠵᠢᠶᠠᠨ ᠂ ᠠᠯᠪᠠᠨ ᠲᠢᠩᠬᠢᠮ᠎ᠤ᠋ᠨ ᠳᠥᠷᠪᠡᠳᠦᠭᠡᠷ ᠨᠠᠷᠢᠨ ᠪᠢᠴᠢᠭ᠎ᠦᠨ ᠭᠠᠵᠠᠷ᠎ᠤᠨ ᠬᠣᠯᠪᠤᠭᠳᠠᠯ ᠪᠦᠬᠦᠢ ᠬᠠᠷᠢᠭᠤᠴᠠᠯᠭᠠᠲᠠᠨ ᠪᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠤᠳᠤᠷᠢᠳᠬᠤ ᠪᠠᠭ᠎ᠤᠨ ᠬᠡᠰᠢᠭᠦᠳ ᠬᠤᠷᠠᠯ᠎ᠳᠤ ᠣᠷᠣᠯᠴᠠᠪᠠ᠃

    ᠳᠡᠳ᠋ ᠲᠡᠷᠢᠭᠦᠯᠡᠭᠴᠢ ᠪᠦᠦ ᠭᠠᠩ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠳᠡᠭᠡᠷ᠎ᠡ ᠬᠠᠭᠠᠰ ᠵᠢᠯ᠎ᠦᠨ ᠠᠵᠢᠯ᠎ᠢ ᠭᠦᠢᠴᠡᠳ ᠦᠨᠡᠯᠡᠵᠦ᠍᠂ ᠳᠣᠣᠷ᠎ᠠ ᠬᠠᠭᠠᠰ ᠵᠢᠯ᠎ᠦᠨ ᠠᠵᠢᠯ᠎ᠤᠨ ᠲᠤᠬᠢᠷᠠᠭᠤᠯᠤᠯᠳᠠ᠎ᠶᠢ ᠪᠦᠷᠢᠮᠦᠰᠦᠨ ᠵᠥᠪᠰᠢᠶᠡᠷᠡᠵᠦ᠍ ᠪᠠᠢᠬᠤ᠎ᠪᠠᠨ ᠢᠯᠡᠷᠬᠡᠢᠯᠡᠪᠡ᠃ ᠲᠡᠷᠡ ᠶᠠᠷᠢᠶᠠᠨ᠎ᠳ᠋ᠤ᠌᠎ᠪᠠᠨ《2020 ᠣᠨ᠎ᠦ ᠳᠡᠭᠡᠷ᠎ᠡ ᠬᠠᠭᠠᠰ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠬᠢᠵᠢᠭ᠎ᠦᠨ ᠨᠥᠯᠥᠭᠡ᠎ᠶᠢ ᠢᠯᠠᠨ ᠳᠠᠪᠠᠵᠤ᠂ ᠶᠡᠷᠦᠩᠬᠡᠢ ᠱᠦᠵᠢ ᠰᠢ᠎ᠶᠢᠨ ᠫᠢᠩ᠎ᠤ᠋ᠨ ᠦᠨᠳᠦᠰᠦᠲᠡᠨ᠎ᠦ ᠠᠵᠢᠯ᠎ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠠ ᠨᠠᠮ᠎ᠤ᠋ᠨ ᠲᠥᠪ ᠬᠣᠷᠢᠶᠠᠨ᠎ᠤ᠋ ᠰᠢ᠌ᠳᠪᠦᠷᠢ ᠪᠠᠢᠷᠢᠯᠠᠭᠤᠯᠤᠯᠲᠠ᠎ᠶᠢ ᠴᠢᠩᠭ᠎ᠠ ᠪᠠᠷᠢᠮᠳᠠᠯᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠵᠥᠪ ᠣᠨᠤᠪᠴᠢᠲᠠᠢ ᠤᠳᠤᠷᠢᠳᠤᠯᠭ᠎ᠠ ᠳᠣᠣᠷ᠎ᠠ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠬᠡᠵᠦ᠍᠂ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠢᠯᠡᠰ᠎ᠢ ᠪᠢᠴᠢᠭᠯᠡᠬᠦ᠌᠎ᠳᠦ ᠢᠳᠡᠪᠬᠢᠲᠡᠢ ᠬᠤᠪᠢ ᠨᠡᠮᠡᠷᠢ ᠦᠵᠡᠭᠦᠯᠵᠤ ᠪᠠᠢᠨ᠎ᠠ》 ᠭᠡᠵᠡᠢ᠃ 

    ᠳᠡᠳ᠋ ᠲᠡᠷᠢᠭᠦᠯᠡᠭᠴᠢ ᠪᠦᠦ ᠭᠠᠩ ᠳᠣᠣᠷ᠎ᠠ ᠬᠠᠭᠠᠰ ᠵᠢᠯ᠎ᠤ᠋ᠨ ᠠᠵᠢᠯ᠎ᠤ᠋ᠨ ᠲᠤᠬᠠᠢ ᠲᠣᠳᠤᠷᠬᠠᠢ ᠱᠠᠭᠠᠷᠳᠠᠯᠭ᠎ᠠ ᠳᠤᠷᠠᠳᠴᠠᠢ᠃ ᠲᠡᠷᠡ ᠶᠠᠷᠢᠶᠠᠨ᠎ᠳ᠋ᠤ ᠪᠠᠨ ᠨᠢᠭᠡ᠎ᠳᠦ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠤᠨ ᠬᠥᠮᠦᠵᠢᠭᠦᠯᠬᠦ᠌ ᠪᠠ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠭᠦᠨᠵᠡᠭᠡᠢ ᠤᠳᠠᠭᠠᠨ ᠳᠠᠭᠠᠭᠠᠮᠠᠭᠠᠢ ᠪᠡᠷ ᠥᠷᠨᠢᠭᠦᠯᠵᠦ᠍᠂ 《ᠦᠨᠳᠦᠰᠦᠲᠡᠨ᠎ᠦ ᠪᠦᠯᠬᠦᠮᠳᠡᠯ 》 ᠭᠡᠬᠦ᠌ ᠡᠨᠡ ᠬᠦ᠌ ᠭᠣᠣᠯ ᠬᠠᠷᠢᠭᠤᠴᠠᠯᠭ᠎ᠠ ᠭᠣᠣᠯᠳᠠᠯᠭᠠᠲᠤ᠌ ᠠᠵᠢᠯ᠎ᠢ᠋ ᠰᠠᠢᠲᠤᠷ ᠠᠳᠭᠤᠬᠤ ᠬᠡᠷᠡᠭᠲᠡᠢ᠃ ᠪᠣᠳᠠᠲᠤ᠌ ᠪᠠᠢᠳᠠᠯ᠎ᠲᠠᠶ᠎ᠪᠠᠨ ᠤᠶᠠᠯᠳᠤᠭᠤᠯᠵᠤ ᠂ ᠠᠷᠭ᠎ᠠ ᠠᠪᠴᠠᠯ᠎ᠢ᠋ᠶᠠᠨ ᠰᠢᠨᠡᠴᠢᠯᠡᠨ ᠲᠣᠭᠲᠠᠯᠴᠠᠭ᠎ᠠ᠎ᠪᠠᠨ ᠲᠡᠭᠦᠯᠳᠡᠷᠵᠢᠭᠦᠯᠵᠦ᠍᠂ ᠦᠷ᠎ᠡ ᠪᠦᠲᠦᠮᠵᠢ᠎ᠪᠡᠨ ᠳᠡᠭᠡᠭᠰᠢᠯᠡᠭᠦᠯᠦᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠳᠦᠷᠢᠮ》ᠪᠠ《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠢᠭᠤᠯᠬᠤ ᠲᠥᠯᠥᠪᠵᠢᠭᠦᠯᠭᠡ》᠎ᠶᠢ ᠲᠣᠭᠲᠠᠭᠰᠠᠨ ᠬᠤᠭᠤᠴᠠᠭ᠎ᠠ ᠶᠣᠰᠣᠭᠠᠷ ᠨᠡᠢᠲᠡᠯᠡᠨ ᠬᠡᠷᠡᠭᠵᠢᠭᠦᠯᠵᠦ᠍᠂ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠤᠯᠠᠮ ᠪᠡᠬᠢᠵᠢᠭᠦᠯᠬᠦ᠌ ᠬᠡᠷᠡᠭᠲᠡᠢ᠃ ᠬᠣᠶᠠᠷ᠎ᠲᠤ᠌᠂ ᠴᠥᠭᠡᠨ ᠲᠣᠭᠠᠲᠤ᠌ ᠦᠨᠳᠦᠰᠦᠲᠡᠨ᠎ᠦ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠨ᠎ᠤ᠋ ᠢᠯᠠᠯᠲᠠ᠎ᠶᠢ ᠡᠷᠡᠰ ᠲᠡᠮᠡᠴᠡᠨ ᠣᠯᠵᠤ ᠂ ᠪᠡᠯᠡ ᠮᠥᠩᠭᠥ᠌᠂ ᠲᠥᠰᠦᠯ᠂ ᠲᠥᠷᠥ᠎ᠶᠢᠨ ᠪᠣᠳᠣᠯᠭ᠎ᠠ᠎ᠶᠢ ᠴᠥᠭᠡᠨ ᠲᠣᠭᠠᠲᠤ᠌ ᠦᠨᠳᠦᠰᠦᠲᠡᠨ ᠦ᠌ ᠲᠥᠪᠯᠡᠷᠡᠨ ᠰᠠᠭᠤᠭ᠎ᠠ ᠶᠠᠳᠠᠭᠤ ᠬᠦᠴᠢᠷᠳᠡᠯᠲᠡᠶ ᠭᠠᠵᠠᠷ ᠣᠷᠣᠨ ᠪᠠ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠬᠠᠨᠳᠤᠭᠤᠯᠵᠤ᠂ ᠨᠠᠷᠢᠯᠢᠭ ᠣᠨᠤᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ ᠦᠨᠳᠦᠰᠦᠲᠡᠨ᠎ᠦ ᠭᠠᠵᠠᠷ ᠣᠷᠣᠨ᠎ᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶᠢ ᠳᠡᠮᠵᠢᠬᠦ᠌᠎ᠶᠢᠨ ᠳᠠᠭᠠᠤ ᠴᠥᠭᠡᠨ ᠲᠣᠭᠠᠲᠤ᠌ ᠦᠨᠳᠦᠰᠦᠲᠡᠨ᠎ᠦ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠢ᠋ ᠰᠠᠢᠲᠤᠷ ᠳ᠋ᠦᠩᠨᠡᠵᠦ᠍᠂ ᠪᠢᠴᠢᠭ ᠮᠠᠲ᠋ᠧᠷᠢᠶᠠᠯ᠎ᠢ᠋ ᠪᠦᠷᠢᠨᠰᠢᠭᠦᠯᠵᠦ᠍᠂ ᠦᠷ᠎ᠡ ᠪᠦᠲᠦᠭᠡᠯ᠎ᠢ ᠬᠤᠷᠢᠶᠠᠩᠭᠤᠢᠯᠠᠬᠤ ᠬᠡᠷᠡᠭᠲᠡᠢ᠃ ᠭᠤᠷᠪᠠ᠎ᠳᠤ᠂ ᠬᠢᠯᠢ ᠬᠢᠵᠠᠭᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠰᠠᠢᠲᠤᠷ ᠠᠳᠬᠤᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭᠠᠷ ᠣᠷᠣᠨ᠎ᠢ ᠳᠡᠮᠵᠢᠬᠦ᠌ ᠲᠥᠷᠥ᠎ᠶᠢᠨ ᠪᠣᠳᠣᠯᠭ᠎ᠠ  ᠠᠷᠭ᠎ᠠ ᠠᠪᠴᠠᠯ᠎ᠢ᠋ ᠨᠠᠷᠢᠯᠢᠭᠵᠢᠭᠤᠯᠤᠨ ᠪᠤᠳᠠᠳᠠᠢᠵᠢᠭᠤᠯᠵᠤ᠂ ᠲᠦᠷᠦᠭᠦᠯᠡᠨ ᠵᠣᠬᠢᠴᠠᠭᠤᠯᠬᠤ ᠦᠢᠯᠡᠳᠦᠯ᠎ᠢ᠋ ᠰᠠᠢᠲᠤᠷ ᠪᠠᠳᠠᠷᠠᠭᠤᠯᠵᠤ᠂ ᠪᠥᠬᠥ᠌ ᠣᠷᠣᠨ᠎ᠤ ᠵᠣᠭᠰᠣᠴᠠ᠎ᠠᠴᠠ ᠬᠠᠷᠢᠭᠤᠴᠠᠯᠭ᠎ᠠ᠎ᠪᠠᠨ ᠤᠯᠠᠮ ᠪᠠᠲᠤᠵᠢᠭᠤᠯᠵᠤ᠂ ᠵᠣᠷᠢᠯᠲᠠ᠎ᠪᠠᠨ ᠤᠯᠠᠮ ᠲᠣᠳᠤᠷᠬᠠᠢᠯᠠᠵᠤ᠂《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳ᠋ᠡᠬᠢ ᠤᠯᠤᠰ᠎ᠤᠨ ᠲᠤᠰᠬᠠᠶ ᠲᠥᠯᠥᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ᠎ᠤ ᠪᠤᠳᠠᠳᠠᠢ ᠬᠡᠷᠡᠭᠵᠢᠭᠦᠯᠬᠦ᠌ ᠰᠠᠨᠠᠯ᠎ᠢ ᠳ᠋ᠦᠩᠨᠡᠨ ᠬᠤᠷᠢᠶᠠᠬᠤ ᠠᠵᠢᠯ᠎ᠢ᠋ ᠰᠠᠢᠲᠤᠷ ᠬᠢᠬᠦ᠌ ᠬᠡᠷᠡᠭᠲᠡᠢ᠃ ᠳᠥᠷᠪᠡ᠎ᠳᠦ᠂ ᠮᠣᠩᠭᠣᠯ ᠬᠡᠯᠡ ᠪᠢᠴᠢᠭ᠎ᠦᠨ ᠠᠵᠢᠯ᠂ ᠨᠠᠢ᠍ᠮᠠᠨ ᠮᠤᠵᠢ ᠣᠷᠣᠨ᠎ᠤ  ᠬᠠᠮᠵᠢᠯᠴᠠᠭᠠᠨ᠎ᠤ᠋ ᠠᠵᠢᠯ ᠂ ᠦᠨᠳᠦᠰᠦᠲᠡᠨ᠎ᠦ ᠰᠤᠳᠤᠷ ᠪᠢᠴᠢᠭ᠎ᠢ ᠠᠪᠤᠷᠠᠨ ᠬᠠᠮᠠᠭᠠᠯᠠᠬᠤ ᠪᠠ ᠡᠮᠬᠢᠳᠬᠡᠨ ᠬᠡᠪᠯᠡᠭᠦᠯᠬᠦ᠌ ᠠᠵᠢᠯ᠎ᠢ ᠤᠯᠠᠮ ᠰᠠᠢᠨ ᠬᠢᠵᠦ᠍᠂ ᠰᠢᠨ᠎ᠡ ᠴᠠᠭ ᠦᠶ᠎ᠡ᠎ᠶᠢᠨ ᠮᠣᠩᠭᠣᠯ ᠬᠡᠯᠡ ᠪᠢᠴᠢᠭ᠎ᠦᠨ ᠠᠵᠢᠯ᠎ᠢ᠋ ᠰᠢᠨᠡᠴᠢᠯᠡᠨ ᠬᠥᠭᠵᠢᠭᠦᠯᠬᠦ᠌ ᠰᠡᠳᠬᠢᠮᠵᠢ ᠪᠠ ᠠᠷᠭ᠎ᠠ ᠠᠪᠴᠠᠯ᠎ᠢ᠋ ᠢᠳᠡᠪᠬᠢᠲᠡᠢ ᠰᠦᠪᠡᠭᠴᠢᠯᠡᠵᠦ᠍᠂ ᠮᠣᠩᠭᠣᠯ ᠬᠡᠯᠡ ᠪᠢᠴᠢᠭ᠎ᠦᠨ ᠠᠵᠢᠯ᠎ᠳᠤ ᠵᠥᠪ ᠣᠨᠣᠪᠴᠢᠲᠠᠶ ᠤᠯᠤᠰ ᠲᠥᠷᠥ᠎ᠶᠢᠨ ᠴᠢᠭᠯᠡᠯ᠎ᠢ ᠢᠮᠠᠭᠲᠠ ᠪᠠᠷᠢᠮᠳᠠᠯᠠᠵᠤ᠂ ᠮᠣᠩᠭᠣᠯ ᠬᠡᠯᠡ ᠪᠢᠴᠢᠭ᠎ᠦᠨ ᠬᠥᠭᠵᠢᠯᠲᠡ᠎ᠶᠢᠨ ᠵᠢᠮ᠎ᠡ ᠶᠣᠰᠣ᠎ᠶᠢ ᠬᠦᠨᠳᠦᠳᠬᠡᠵᠦ᠍᠂ ᠥᠪᠥᠷ ᠮᠣᠩᠭᠣᠯ᠎ᠤᠨ ᠣᠨᠴᠠᠯᠢᠭ ᠪᠦᠬᠦᠢ ᠮᠣᠩᠭᠣᠯ ᠬᠡᠯᠡ ᠪᠢᠴᠢᠭ᠎ᠦᠨ ᠠᠵᠢᠯ᠎ᠤᠨ ᠰᠢᠨ᠎ᠡ  ᠪᠠᠢᠳᠠᠯ᠎ᠢ᠋ ᠪᠤᠢ ᠪᠣᠯᠭᠠᠬᠤ ᠬᠡᠷᠡᠭᠲᠡᠢ᠃ ᠲᠠᠪᠤ᠎ᠳᠤ᠂ ᠦᠨᠳᠦᠰᠦᠲᠡᠨ᠎ᠦ᠌ ᠠᠵᠢᠯ᠎ᠤ᠋ᠨ ᠥᠪᠡᠷ᠎ᠢᠶᠠᠨ ᠬᠢᠨᠠᠵᠤ ᠵᠠᠯᠠᠷᠠᠭᠤᠯᠬᠤ ᠠᠵᠢᠯ᠎ᠢ᠋ ᠰᠠᠢᠲᠤᠷ  ᠬᠢᠬᠦ᠌ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠭᠦᠷᠭᠡ ᠴᠢᠳᠠᠮᠵᠢ᠎ᠪᠠᠨ ᠦᠨᠳᠦᠰᠦᠯᠡᠵᠦ᠍᠂ ᠪᠦᠬᠦ᠌ ᠲᠠᠯ᠎ᠠ᠎ᠪᠠᠷ ᠂ ᠰᠢᠰᠲ᠋ᠧᠮ ᠲᠡᠶ᠂ ᠬᠠᠨᠳᠤᠯᠭᠠᠲᠤ᠌ ᠴᠢᠨᠠᠷᠲᠠᠶ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠪᠠᠢᠳᠠᠯ᠎ᠢ᠋ᠶᠠᠨ ᠬᠢᠨᠠᠨ ᠪᠠᠢᠴᠠᠭᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶᠠᠪᠤᠴᠠ᠎ᠳ᠋ᠠᠬᠢ ᠨᠡᠢᠲᠡᠯᠢᠭ ᠲᠤᠷᠰᠢᠯᠭ᠎ᠠ ᠪᠠ ᠰᠢᠨᠡᠷᠬᠡᠭ ᠠᠷᠭ᠎ᠠ ᠠᠪᠴᠠᠯ᠎ᠢ᠋ ᠳ᠋ᠦᠩᠨᠡᠨ ᠤᠬᠠᠭᠤᠯᠬᠤ ᠮᠥᠷᠲᠡᠭᠡᠨ ᠠᠰᠠᠭᠤᠳᠠᠯ᠎ᠢ᠋ ᠣᠨᠤᠴᠠᠲᠠᠢ᠎ᠪᠠᠷ ᠢᠯᠡᠷᠡᠭᠦᠯᠵᠦ᠍᠂ ᠬᠦᠷᠦᠯᠴᠡᠬᠦ᠌ ᠦᠭᠡᠢ ᠲᠠᠯ᠎ᠠ᠎ᠪᠠᠨ ᠡᠷᠢᠵᠦ᠍᠂ ᠳᠤᠲᠠᠭᠳᠠᠯ᠎ᠢ᠋ᠶᠠᠨ ᠨᠥᠬᠦᠪᠦᠷᠢᠯᠡᠵᠦ᠍᠂ ᠶᠡᠷᠦᠩᠬᠡᠢ ᠱᠦᠵᠢ ᠰᠢ᠎ᠶᠢᠨ ᠫᠢᠩ᠎ᠦᠨ ᠦᠨᠳᠦᠰᠦᠲᠡᠨ᠎ᠦ ᠠᠵᠢᠯ᠎ᠤᠨ ᠲᠤᠬᠠᠢ ᠴᠢᠬᠤᠯᠠ ᠥᠭᠦᠯᠡᠮᠵᠢ ᠪᠠ ᠨᠠᠮ᠎ᠤᠨ ᠲᠥᠪ ᠬᠣᠷᠢᠶᠠᠨ᠎ᠤ ᠰᠢ᠌ᠳᠪᠦᠷᠢᠲᠦ᠍ ᠪᠤᠳᠤᠯᠭ᠎ᠠ ᠪᠠᠢᠷᠢᠯᠠᠭᠤᠯᠤᠯᠲᠠ᠎ᠶᠢ ᠮᠠᠨ᠎ᠤ ᠣᠷᠣᠨ᠎ᠳᠤ ᠨᠠᠷᠢᠯᠢᠭᠵᠢᠭᠤᠯᠤᠨ ᠪᠣᠳᠠᠲᠠᠢᠵᠢᠭᠤᠯᠬᠤ᠎ᠶᠢ ᠪᠠᠲᠤᠯᠠᠬᠤ ᠬᠡᠷᠡᠭᠲᠡᠢ᠃ ᠵᠢᠷᠭᠤᠭ᠎ᠠ᠎ᠳᠤ᠂ ᠬᠣᠷᠢᠭ᠎ᠠ ᠱᠤᠭᠤᠮ᠎ᠤᠨ ᠰᠡᠳᠬᠢᠬᠦᠶ᠎ᠶᠢ ᠪᠠᠷᠢᠮᠲᠠᠯᠠᠵᠤ᠂ ᠠᠶᠤᠯ ᠲᠦᠭᠰᠢᠭᠦᠷᠢ᠎ᠶᠢᠨ ᠦᠵᠡᠯ ᠤᠬᠠᠮᠰᠠᠷ᠎ᠢ ᠴᠢᠩᠭᠠᠳᠬᠠᠵᠤ ᠂ ᠦᠨᠳᠦᠰᠦᠲᠡᠨ᠎ᠦ᠌ ᠠᠰᠠᠭᠤᠳᠠᠯ ᠲᠠᠢ ᠬᠣᠯᠪᠤᠭᠳᠠᠭᠰᠠᠨ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠠᠷᠭᠠᠴᠠᠨ ᠰᠢ᠌ᠳᠪᠦᠷᠢᠯᠡᠬᠦ᠌ ᠪᠠ ᠲᠣᠭᠲᠠᠭᠤᠨ ᠪᠠᠢᠳᠠᠯ᠎ᠢ ᠬᠠᠮᠠᠭᠠᠯᠠᠬᠤ ᠠᠵᠢᠯ᠎ᠢ  ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭᠵᠢᠯᠲᠡ᠎ᠳᠦ ᠰᠠᠢᠨ ᠰᠠᠢᠬᠠᠨ ᠰᠦᠯᠵᠢᠶᠡᠨ᠎ᠦ᠌ ᠣᠷᠴᠢᠨ᠎ᠢ ᠪᠤᠢ ᠪᠣᠯᠭᠠᠬᠤ ᠬᠡᠷᠡᠭᠲᠡᠢ ᠭᠡᠵᠡᠢ᠃


×
正在建设当中
×
正在建设当中