ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠨᠡᠢᠭᠡᠮ᠎ᠦᠨ ᠥᠩᠭᠡᠨ ᠬᠡᠷᠡᠭᠯᠡᠭᠡᠨ᠎ᠦ᠌ ᠮᠣᠩᠭᠣᠯ ᠬᠢᠲᠠᠳ ᠬᠣᠶᠠᠷ ᠵᠦᠢᠯ᠎ᠤ᠋ᠨ ᠦᠰᠦᠭ ᠪᠢᠴᠢᠭ᠎ᠢ ᠵᠡᠷᠭᠡ᠎ᠪᠡᠷ ᠬᠡᠷᠡᠭᠯᠡᠬᠦ᠌ ᠬᠠᠮᠢᠶᠠᠷᠤᠯᠲᠠ᠎ᠶ᠋ᠢᠨ ᠰᠢᠰᠲ᠋ᠧᠮ᠎ᠦᠨ ᠬᠡᠷᠡᠭᠯᠡᠯᠲᠡ᠎ᠳᠦ ᠪᠠᠢᠴᠠᠭᠠᠨ ᠰᠤᠳᠤᠯᠤᠯᠲᠠ ᠬᠢᠪᠠ
ᠦᠰᠦᠭ : 0000-00-00 00:00:00
ᠤᠩᠰᠢᠭᠰᠠᠨ ᠤᠳᠠᠭ᠎ᠠ : ᠨᠠᠢᠷᠠᠭᠤᠯᠤᠭᠴᠢ : ᠯᠢᠶᠠᠩ ᠬᠠᠢ ᠢᠤᠢ

    ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ 4 ᠪᠠᠢᠴᠠᠭᠠᠨ ᠰᠤᠳᠤᠯᠬᠤ ᠲᠤᠭᠤᠢᠯᠠᠩ ᠬᠤᠪᠢᠶᠠᠵᠤ ᠂ ᠤᠷᠢᠳ ᠬᠣᠵᠢᠳ ᠬᠥᠯᠥᠨ  ᠪᠤᠢᠷ ᠬᠣᠲᠠ ᠂ ᠬᠢᠩᠭᠠᠨ  ᠠᠢ᠍ᠮᠠᠭ ᠣᠷᠳᠣᠰ ᠬᠣᠲᠠ᠂ ᠪᠠᠶᠠᠨᠨᠠᠭᠤᠷ ᠬᠣᠲᠠ ᠵᠡᠷᠭᠡ ᠭᠠᠵᠠᠷ ᠣᠷᠣᠨ᠎ᠳᠤ  ᠬᠦᠷᠴᠦ᠍᠂ ᠨᠡᠢᠭᠡᠮ᠎ᠦᠨ ᠥᠩᠭᠡᠨ  ᠬᠡᠷᠡᠭᠯᠡᠭᠡᠨ᠎ᠦ᠌ ᠮᠣᠩᠭᠣᠯ ᠬᠢᠲᠠᠳ ᠬᠣᠶᠠᠷ  ᠵᠦᠢᠯ᠎ᠦᠨ ᠥᠰᠥᠭ ᠪᠢᠴᠢᠭ᠎ᠢ ᠵᠡᠷᠭᠡ᠎ᠪᠡᠷ ᠬᠡᠷᠡᠭᠯᠡᠬᠦ᠌ ᠬᠠᠮᠢᠶᠠᠷᠤᠯᠲᠠ᠎ᠶ᠋ᠢᠨ ᠰᠢᠰᠲ᠋ᠧᠮ᠎ᠦᠨ ᠬᠡᠷᠡᠭᠯᠡᠯᠲᠡ ᠪᠠ ᠬᠡᠷᠡᠭᠴᠡᠭᠡ ᠱᠠᠭᠠᠷᠳᠠᠯᠭ᠎ᠠ᠎ᠳᠤ ᠬᠠᠨᠳᠤᠭᠤᠯᠤᠨ ᠪᠠᠢᠴᠠᠭᠠᠯᠲᠠ ᠬᠢᠵᠡᠢ᠃

    ᠪᠠᠢᠴᠠᠭᠠᠨ ᠰᠤᠳᠤᠯᠬᠤ ᠲᠤᠭᠤᠢᠯᠠᠩ ᠲᠤᠬᠠᠶ᠎ᠶ᠋ᠢᠨ ᠭᠠᠵᠠᠷ᠎ᠲᠤ᠌ ᠨᠢ ᠪᠠᠢᠴᠠᠭᠠᠨ ᠦᠵᠡᠬᠦ᠌᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠲᠤᠬᠠᠶ᠎ᠶ᠋ᠢᠨ ᠭᠠᠵᠠᠷ᠎ᠤᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠪᠣᠯᠤᠨ  ᠫᠠᠢᠰᠠ  ᠦᠢᠯᠡᠳᠬᠦ᠌ ᠠᠵᠤ  ᠠᠬᠤᠢᠯᠠᠯ᠎ᠠᠴᠠ ᠨᠡᠢᠭᠡᠮ᠎ᠦ᠋ᠨ ᠥᠩᠭᠡᠨ  ᠬᠡᠷᠡᠭᠯᠡᠭᠡᠨ᠎ᠦ᠌ ᠮᠣᠩᠭᠣᠯ ᠬᠢᠲᠠᠳ ᠬᠣᠶᠠᠷ  ᠵᠦᠢᠯ᠎ᠦᠨ ᠦᠰᠦᠭ ᠪᠢᠴᠢᠭ᠎ᠢ ᠵᠡᠷᠭᠡ᠎ᠪᠡᠷ ᠬᠡᠷᠡᠭᠯᠡᠬᠦ᠌ ᠬᠠᠮᠢᠶᠠᠷᠤᠯᠲᠠ᠎ᠶ᠋ᠢᠨ ᠰᠢᠰᠲ᠋ᠧᠮ᠎ᠦᠨ ᠬᠡᠷᠡᠭᠯᠡᠯᠲᠡ᠎ᠶᠢᠨ ᠪᠠᠢᠳᠠᠯ ᠪᠠ ᠣᠷᠣᠰᠢᠵᠤ  ᠪᠠᠢᠭ᠎ᠠ ᠠᠰᠠᠭᠤᠳᠠᠯ᠎ᠦᠨ ᠲᠠᠯ᠎ᠠ᠎ᠪᠠᠷ ᠪᠣᠳᠤᠯ ᠰᠠᠨᠠᠯ᠎ᠢ᠋ᠶᠠᠨ ᠰᠣᠯᠢᠯᠴᠠᠵᠤ᠂ ᠬᠠᠮᠢᠶᠠᠷᠤᠯᠲᠠ᠎ᠶ᠋ᠢᠨ ᠰᠢᠰᠲ᠋ᠧᠮ᠎ᠤ᠋ᠨ ᠦᠢᠯᠡᠳᠦᠯ ᠎ᠢ᠋ ᠦᠨᠡᠨ ᠬᠦ᠌ ᠪᠠᠳᠠᠷᠠᠭᠤᠯᠬᠤ᠎ᠳᠤ ᠰᠠᠭᠤᠷᠢ ᠲᠠᠯᠪᠢᠪᠠ ᠃


×
正在建设当中
×
正在建设当中