ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠠᠵᠢᠯ ᠰᠢᠨ᠎ᠡ ᠳᠡᠭᠲᠡᠷ᠎ᠲᠦ᠍ ᠬᠦᠷᠪᠡ
ᠦᠰᠦᠭ : 2020-09-08 00:00:00
ᠤᠩᠰᠢᠭᠰᠠᠨ ᠤᠳᠠᠭ᠎ᠠ : ᠨᠠᠢᠷᠠᠭᠤᠯᠤᠭᠴᠢ : ᠯᠢᠶᠠᠩ ᠬᠠᠢ ᠢᠦᠢ

    ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠥᠪᠡᠷᠲᠡᠭᠡᠨ ᠵᠠᠰᠠᠬᠤ ᠣᠷᠣᠨ᠎ᠤ ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠠᠵᠢᠯ᠎ᠤᠨ ᠺᠣᠮᠢᠰ᠎ᠤ᠋ᠨ ᠪᠠᠶ᠋ᠢᠩᠭᠤ᠎ᠶᠢᠨ ᠬᠡᠰᠢᠭᠦᠳ᠎ᠤ᠋ᠨ 2020 ᠣᠨ᠎ᠤ ᠭᠤᠷᠪᠠᠳᠤᠭᠠᠷ ᠤᠳᠠᠭᠠᠨ᠎ᠤ ᠬᠤᠷᠠᠯ᠎ᠢ ᠬᠤᠷᠠᠯᠳᠤᠭᠤᠯᠵᠤ ᠂ 28 ᠮᠣᠩᠭᠣᠯ ᠦᠭᠡ᠎ᠶᠢᠨ ᠳᠠᠭᠤᠳᠠᠯᠭ᠎ᠠ ᠂ ᠭᠠᠯᠢᠭ ᠬᠠᠳᠠᠬᠤ ᠪᠠ 《ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠬᠢᠷᠢ ᠬᠡᠮ᠎ᠤᠨ ᠰᠢᠯᠭᠠᠯᠲᠠ᠎ᠶᠢᠨ ᠬᠥᠲᠥᠯᠪᠦᠷᠢ》(ᠨᠡᠮᠡᠵᠦ᠍ ᠵᠠᠰᠠᠭᠰᠠᠨ ᠬᠡᠪᠯᠡᠯ)᠎ᠶᠢᠨ ᠵᠠᠰᠠᠪᠤᠷᠢ ᠣᠷᠤᠭᠤᠯᠬᠤ ᠨᠣᠣᠷᠠᠭ᠎ᠤᠨ ᠬᠠᠮᠢᠶ᠎ᠠ ᠪᠥᠬᠥᠶ ᠠᠰᠠᠭᠤᠳᠠᠯ᠎ᠢ ᠰᠤᠳᠤᠯᠤᠨ ᠶᠠᠷᠢᠯᠴᠠᠵᠠᠢ᠃

    1979 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠎ᠤ᠋ᠨ ᠣᠷᠳᠣᠨ᠎ᠤ᠋ ᠵᠥᠪᠰᠢᠶᠡᠷᠡᠯ᠎ᠢ᠋ᠶᠡᠷ ᠰᠢᠯᠤᠭᠤᠨ ᠬᠥᠬᠡ ᠬᠣᠰᠢᠭᠤ᠎ᠪᠠᠷ ᠲᠥᠯᠥᠭᠡᠯᠡᠭᠦᠯᠦᠭᠰᠡᠨ ᠴᠠᠬᠠᠷ ᠠᠮᠠᠨ ᠠᠶᠠᠯᠭᠤ᠎ᠪᠠᠷ ᠮᠣᠩᠭᠣᠯ ᠬᠡᠯᠡᠨ᠎ᠦ ᠪᠠᠷᠢᠮᠵᠢᠶ᠎ᠠ ᠠᠪᠢᠶ᠎ᠠ ᠪᠣᠯᠭᠠᠭᠰᠠᠨ᠎ᠠᠴᠠ ᠨᠠᠭᠠᠰᠢ᠂ ᠮᠠᠨ᠎ᠤ ᠣᠷᠣᠨ ᠮᠣᠩᠭᠣᠯ ᠬᠡᠯᠡᠨ᠎ᠦ ᠪᠠᠷᠢᠮᠵᠢᠶ᠎ᠠ ᠠᠪᠢᠶ᠎ᠠ᠎ᠶᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠂ ᠠᠵᠢᠯ᠎ᠤᠨ ᠲᠣᠭᠲᠠᠯᠴᠠᠭ᠎ᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠍ ᠂ ᠴᠢᠳᠠᠪᠤᠷᠢᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ 2003 ᠣᠨ᠎ᠠᠴᠠ ᠡᠬᠢᠯᠡᠨ《ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠬᠢᠷᠢ ᠬᠡᠮ᠎ᠤᠨ ᠰᠢᠯᠭᠠᠯᠲᠠ᠎ᠶᠢᠨ ᠬᠥᠲᠥᠯᠪᠦᠷᠢ》(ᠲᠤᠷᠰᠢᠨ ᠬᠡᠷᠡᠭᠯᠡᠬᠦ᠌ ᠬᠡᠪᠯᠡᠯ)᠎ᠵᠢ ᠨᠠᠶ᠋ᠢᠷᠠᠭᠤᠯᠤᠨ ᠬᠡᠪᠯᠡᠭᠦᠯᠬᠦ᠌᠎ᠶᠢᠨ ᠬᠠᠮᠲᠤ᠌ ᠪᠣᠯᠪᠠᠰᠤᠷᠠᠯ ᠰᠢᠯᠭᠠᠯᠲᠠ᠎ᠶᠢᠨ ᠠᠵᠢᠯ᠎ᠢ ᠢᠳᠡᠪᠬᠢᠲᠡᠢ ᠦᠷᠨᠢᠭᠦᠯᠵᠡᠢ᠃ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ 1 ᠪᠣᠯᠪᠠᠰᠤᠷᠠᠯ ᠰᠢᠯᠭᠠᠯᠲᠠ᠎ᠶᠢᠨ ᠲᠥᠪ  ᠂ 4  ᠪᠣᠯᠪᠠᠰᠤᠷᠠᠯ ᠰᠢᠯᠭᠠᠯᠲᠠ ᠪᠠ ᠵᠢᠱ᠌ᠢᠶ᠎ᠡ ᠦᠵᠡᠭᠦᠯᠬᠦ᠌ ᠰᠠᠭᠤᠷᠢᠨ ᠂ 17 ᠪᠣᠯᠪᠠᠰᠤᠷᠠᠯ ᠰᠢᠯᠭᠠᠯᠲᠠ᠎ᠶᠢᠨ ᠠᠵᠢᠯ᠎ᠤᠨ ᠥᠷᠲᠡᠭᠡ ᠎ᠵᠢ ᠪᠠᠢᠭᠤᠯᠵᠠᠢ᠃ ᠡᠭᠦᠨ᠎ᠳᠦ 2005 ᠣᠨ᠎ᠳᠤ ᠰᠢᠯᠢ᠎ᠶᠢᠨ ᠭᠣᠣᠯ ᠠᠵᠢᠯ ᠮᠡᠷᠭᠡᠵᠢᠯ᠎ᠦᠨ ᠲᠡᠭᠡᠳᠤ ᠰᠤᠷᠭᠠᠭᠤᠯᠢ᠎ᠳᠤ ᠰᠢᠯᠢ᠎ᠶᠢᠨ ᠭᠣᠣᠯ ᠠᠶ᠋ᠢᠮᠠᠭ᠎ᠤᠨ ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠪᠣᠯᠪᠠᠰᠤᠷᠠᠯ ᠰᠢᠯᠭᠠᠯᠲᠠ᠎ᠶᠢᠨ ᠠᠵᠢᠯ᠎ᠤᠨ ᠥᠷᠲᠡᠭᠡ ᠎ᠵᠢ ᠪᠠᠢᠭᠤᠯᠵᠤ᠂ 2009 ᠣᠨ᠎ᠳᠤ ᠰᠢᠯᠤᠭᠤᠨ ᠬᠥᠬᠡ ᠬᠣᠰᠢᠭᠤᠨ᠎ᠳᠤ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠵᠢᠱ᠌ᠢᠶ᠎ᠡ ᠦᠵᠡᠭᠦᠯᠬᠦ᠌ ᠰᠠᠭᠤᠷᠢᠨ᠎ᠢ ᠪᠠᠶ᠋ᠢᠭᠤᠯᠵᠤ ᠂ 2015 ᠣᠨ᠎ᠳᠤ ᠰᠢᠯᠢ᠎ᠶᠢᠨ ᠭᠣᠣᠯ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠪᠦᠬᠦ᠌ ᠣᠷᠣᠨ᠎ᠤ ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠪᠣᠯᠪᠠᠰᠤᠷᠠᠯ᠎ᠤᠨ ᠰᠠᠭᠤᠷᠢᠨ᠎ᠢ ᠪᠠᠢᠭᠤᠯᠵᠠᠢ᠃ ᠡᠭᠦᠨ᠎ᠦ ᠬᠠᠮᠲᠤ᠌᠂ ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠬᠢᠷᠢ ᠬᠡᠮ᠎ᠦᠨ ᠰᠢᠯᠭᠠᠭᠴᠢ᠎ᠶᠢᠨ ᠪᠣᠯᠪᠠᠰᠤᠷᠠᠯ᠎ᠤᠨ ᠠᠩᠭᠢ᠎ᠶᠢ 7 ᠬᠤᠭᠤᠴᠠᠭ᠎ᠠ ᠡᠷᠭᠢᠯᠡᠵᠦ᠍ ᠂ ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠬᠢᠴᠢᠶᠡᠯᠡᠭᠴᠢ ᠪᠠᠭᠰᠢ ᠪᠠ ᠬᠢᠷᠢ ᠬᠡᠮ᠎ᠤᠨ ᠰᠢᠯᠭᠠᠭᠴᠢ 200 ᠭᠠᠷᠤᠶ ᠬᠦᠮᠦᠨ᠎ᠢ ᠬᠥᠮᠦᠵᠢᠭᠦᠯᠵᠡᠶ ᠃ 2019 ᠣᠨ 3 ᠰᠠᠷ᠎ᠠ ᠪᠣᠯᠲᠠᠯ᠎ᠠ ᠂ ᠪᠥᠬᠥ᠌ ᠣᠷᠣᠨ᠎ᠤ ᠡᠯ᠎ᠡ ᠰᠢᠯᠭᠠᠯᠲᠠ᠎ᠶᠢᠨ ᠥᠷᠲᠡᠭᠡ ( ᠲᠥᠪ ᠂ ᠰᠠᠭᠤᠷᠢᠨ )᠎ᠳ᠋ᠤ ᠮᠣᠩᠭᠣᠯ ᠬᠡᠯᠡᠨ᠎ᠦ ᠪᠠᠷᠢᠮᠵᠢᠶ᠎ᠠ ᠠᠪᠢᠶᠠᠨ᠎ᠤ ᠪᠣᠯᠪᠠᠰᠤᠷᠠᠯ᠎ᠤᠨ ᠠᠩᠭᠢ 306 ᠤᠳᠠᠭ᠎ᠠ ᠡᠷᠭᠢᠯᠡᠵᠦ᠍ ᠂ 3 ᠲᠦᠮᠡ ᠭᠠᠷᠤᠶ ᠬᠥᠮᠦᠨ᠎ᠢ ᠪᠤᠯᠪᠠᠰᠤᠷᠠᠭᠤᠯᠵᠤ ᠰᠢᠯᠭᠠᠵᠠᠢ᠃ ᠡᠨᠡ ᠨᠢ ᠮᠣᠩᠭᠣᠯ ᠬᠡᠯᠡ ᠪᠢᠴᠢᠭ᠎ᠤᠨ ᠳᠦᠷᠢᠮᠵᠢᠯ᠂ ᠪᠠᠷᠢᠮᠵᠢᠶᠠᠵᠢᠯ᠎ᠤ᠋ᠨ ᠪᠠᠶ᠋ᠢᠭᠤᠯᠤᠯᠲᠠ᠎ᠶᠢᠨ ᠰᠢᠨ᠎ᠡ ᠳᠡᠭᠲᠡᠷ᠎ᠲᠦ᠍ ᠬᠦᠷᠬᠦ᠌᠎ᠶᠢ ᠠᠬᠢᠭᠤᠯᠤᠭᠰᠠᠨ ᠪᠠᠢᠨ᠎ᠠ᠃ 


×
正在建设当中
×
正在建设当中