ᠣᠷᠳᠤᠰ ᠬᠣᠲᠠ ᠠᠯᠪᠠᠨ ᠪᠢᠴᠢᠭ᠎ᠤ᠋ᠨ ᠣᠷᠴᠢᠭᠤᠯᠭ᠎ᠠ᠎ᠶᠢᠨ ᠪᠣᠯᠪᠠᠰᠤᠷᠠᠯ᠎ᠤ᠋ᠨ ᠠᠩᠭᠢ ᠡᠷᠬᠢᠯᠡᠪᠡ
ᠦᠰᠦᠭ : 2020-07-30 00:00:00
ᠤᠩᠰᠢᠭᠰᠠᠨ ᠤᠳᠠᠭ᠎ᠠ : ᠨᠠᠢᠷᠠᠭᠤᠯᠤᠭᠴᠢ : ᠯᠢᠶᠠᠩ ᠬᠠᠢ ᠢᠦᠢ

    ᠣᠢᠷ᠎ᠠ᠎ᠳ᠋ᠤ᠌᠂ ᠣᠷᠳᠤᠰ ᠬᠣᠲᠠ 2020 ᠣᠨ᠎ᠤ᠋ ᠪᠦᠬᠦ᠌ ᠬᠣᠲᠠ᠎ᠶᠢᠨ ᠬᠡᠪᠴᠢᠶᠠᠨ᠎ᠳ᠋ᠡᠬᠢ ᠠᠯᠪᠠᠨ ᠪᠢᠴᠢᠭ᠎ᠦᠨ ᠣᠷᠴᠢᠭᠤᠯᠭ᠎ᠠ᠎ᠶᠢᠨ ᠪᠣᠯᠪᠠᠰᠤᠷᠠᠯ᠎ᠤ᠋ᠨ ᠠᠩᠭᠢ ᠡᠷᠬᠢᠯᠡᠵᠦ᠍᠂ ᠡᠯ᠎ᠡ ᠬᠣᠰᠢᠭᠤ ᠲᠣᠭᠤᠷᠢᠭ ᠪᠣᠯᠤᠨ ᠬᠣᠲᠠ᠎ᠶᠢᠨ ᠰᠢᠭᠤᠳ ᠬᠠᠷᠢᠶ᠎ᠠ ᠪᠠᠢᠭᠤᠯᠭ᠎ᠠ᠎ᠶᠢᠨ ᠣᠷᠴᠢᠭᠤᠯᠭ᠎ᠠ᠎ᠶᠢᠨ ᠠᠵᠢᠯᠲᠠᠨ 94 ᠬᠥᠮᠦᠨ ᠤᠷᠤᠯᠴᠠᠵᠠᠢ᠃ ᠲᠤᠰ ᠤᠳᠠᠭᠠᠨ᠎ᠤ ᠪᠤᠯᠪᠠᠰᠤᠷᠠᠯ ᠨᠢ ᠠᠯᠪᠠᠨ ᠪᠢᠴᠢᠭ᠎ᠤᠨ ᠣᠷᠴᠢᠭᠤᠯᠭ᠎ᠠ᠎ᠶᠢᠨ ᠰᠠᠭᠤᠷᠢ ᠮᠡᠳᠡᠯᠭᠡ᠂ ᠣᠷᠴᠢᠭᠤᠯᠭ᠎ᠠ᠎ᠶᠢᠨ ᠠᠷᠭ᠎ᠠ ᠂ ᠣᠷᠴᠢᠭᠤᠯᠭ᠎ᠠ ᠳᠤᠮᠳᠠᠬᠢ ᠰᠣᠶᠤᠯ᠎ᠤ᠋ᠨ ᠦᠵᠡᠭᠳᠡᠯ ᠵᠡᠷᠭᠡ ᠠᠭᠤᠯᠭ᠎ᠠ᠎ᠶᠢᠨ ᠲᠣᠭᠤᠷᠢᠨ᠎ᠳᠤ ᠪᠤᠳᠠᠳᠤ ᠵᠢᠱ᠌ᠢᠶ᠎ᠡ᠎ᠪᠡᠷ ᠶᠠᠷᠢᠵᠤ ᠲᠠᠢᠯᠪᠤᠷᠢᠯᠠᠵᠠᠢ᠃ ᠪᠣᠯᠪᠠᠰᠤᠷᠠᠯ᠎ᠢ᠋ᠶᠠᠷ ᠳᠠᠮᠵᠢᠭᠤᠯᠤᠨ ᠪᠣᠯᠪᠠᠰᠤᠷᠠᠯ᠎ᠳ᠋ᠤ ᠣᠷᠤᠯᠴᠠᠭᠰᠠᠳ᠎ᠲᠤ᠌ ᠠᠯᠪᠠᠨ ᠪᠢᠴᠢᠭ᠎ᠤ᠋ᠨ ᠣᠷᠴᠢᠭᠤᠯᠭ᠎ᠠ᠎ᠶᠢᠨ ᠦᠨᠳᠦᠰᠦᠨ ᠮᠡᠳᠡᠯᠭᠡ᠎ᠶᠢ ᠡᠵᠡᠮᠰᠢᠭᠦᠯᠦᠭᠰᠡᠨ ᠪᠥᠭᠡᠳ ᠣᠷᠴᠢᠭᠤᠯᠭ᠎ᠠ᠎ᠶᠢᠨ ᠠᠵᠢᠯᠲᠠᠨ᠎ᠤ᠋ ᠮᠣᠩᠭᠤᠯ ᠬᠢᠲᠠᠳ ᠬᠤᠶᠠᠷ ᠬᠡᠯᠡ᠎ᠪᠠᠷ ᠨᠡᠢᠭᠡᠮ᠎ᠤ᠋ᠨ ᠡᠯ᠎ᠡ ᠠᠵᠢᠯ ᠲᠥᠷᠦᠯ ᠪᠠ ᠥᠷᠭᠡᠨ ᠤᠯᠠᠨ ᠲᠦᠮᠡᠨ᠎ᠳ᠋ᠤ ᠦᠢᠯᠡᠴᠢᠯᠡᠬᠦ᠌᠎ᠳ᠋ᠤ ᠰᠠᠭᠤᠷᠢ᠎ᠶᠢ ᠲᠠᠯᠪᠢᠵᠤ ᠥᠭᠴᠡᠢ᠃


×
正在建设当中
×
正在建设当中