ᠥᠪᠡᠷᠲᠡᠭᠡᠨ ᠵᠠᠰᠠᠬᠤ ᠣᠷᠤᠨ᠎ᠤ᠋ ᠦᠨᠳᠦᠰᠦᠲᠡᠨ᠎ᠦ᠌ ᠬᠡᠷᠡᠭ ᠡᠷᠬᠢᠯᠡᠬᠦ᠌ ᠵᠥᠪᠯᠡᠯ᠎ᠲᠤᠤᠷ᠎ᠠ ᠬᠠᠭᠠᠰ ᠵᠢᠯ᠎ᠳ᠋ᠤ ᠲᠠᠪᠤᠨ ᠭᠤᠤᠯᠳᠠᠯᠭᠠᠲᠤ᠌ ᠠᠵᠢᠯ᠎ᠢ ᠰᠠᠢᠲᠤᠷ ᠪᠡᠶᠡᠯᠡᠭᠦᠯᠦᠨ᠎ᠡ
ᠦᠰᠦᠭ : 2020-07-30 00:00:00
ᠤᠩᠰᠢᠭᠰᠠᠨ ᠤᠳᠠᠭ᠎ᠠ : ᠨᠠᠢᠷᠠᠭᠤᠯᠤᠭᠴᠢ : ᠯᠢᠶᠠᠩ ᠬᠠᠢ ᠢᠦᠢ

    2020 ᠣᠨ᠎ᠤ᠋ ᠲᠤᠤᠷ᠎ᠠ ᠬᠠᠭᠠᠰ ᠵᠢᠯ᠎ᠳᠦ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠦ᠌ ᠬᠡᠷᠡᠭ ᠡᠷᠬᠢᠯᠡᠬᠦ᠌ ᠵᠥᠪᠯᠡᠯ ᠰᠠᠨᠠᠭᠠᠴᠢᠯᠠᠭ᠎ᠠ᠎ᠡᠴᠡ᠎ᠪᠠᠨ ᠠᠷᠭ᠎ᠠ ᠬᠡᠮᠵᠢᠶ᠎ᠠ ᠠᠪᠴᠦ᠍᠂ ᠦᠨᠳᠦᠰᠦᠲᠡᠨ᠎ᠤ ᠪᠦᠯᠭᠦᠮᠳᠡᠯ ᠳᠠᠪᠰᠢᠯᠲᠡ᠎ᠶᠢᠨ ᠦᠢᠯᠡᠰ᠎ᠤᠨ ᠪᠦᠬᠦ᠌ ᠲᠠᠯ᠎ᠠ᠎ᠶᠢᠨ ᠬᠦᠭᠵᠢᠯᠲᠡ᠎ᠵᠢ ᠠᠬᠢᠭᠤᠯᠤᠨ᠎ᠠ᠃ 

    ᠨᠢᠭᠡ᠎ᠳᠦ᠂ ᠬᠣᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ᠂ 《ᠥᠪᠦᠷ ᠮᠣᠩᠭᠤᠯ᠎ᠤ᠋ᠨ ᠥᠪᠡᠷᠲᠡᠭᠡᠨ ᠵᠠᠰᠠᠬᠤ ᠣᠷᠤᠨ᠎ᠤ᠋ ᠦᠨᠳᠦᠰᠦᠲᠡᠨ᠎ᠦ᠌ ᠪᠦᠯᠭᠦᠮᠳᠡᠯ ᠳᠠᠪᠰᠢᠯᠲᠡ᠎ᠶᠢ ᠠᠬᠢᠭᠤᠯᠬᠤ ᠳᠦᠷᠢᠮ》᠎ᠢ᠋ ᠲᠣᠭᠲᠠᠭᠠᠬᠤ ᠠᠵᠢᠯ᠎ᠢ᠋ ᠰᠠᠢᠲᠤᠷ ᠬᠢᠵᠦ᠍᠂ 《ᠦᠨᠳᠦᠰᠦᠲᠡᠨ᠎ᠦ ᠪᠦᠯᠭᠦᠮᠳᠡᠯ ᠳᠠᠪᠰᠢᠯᠲᠠ᠎ᠵᠢ ᠡᠭᠦᠳᠦᠨ ᠪᠠᠢᠭᠤᠯᠵᠤ ᠬᠦᠭᠵᠢᠬᠦᠯᠬᠦ᠌ ᠲᠦᠯᠦᠪᠵᠢᠭᠦᠯᠭᠡ (2020—2027)》᠎ᠵᠢ ᠨᠠᠢᠷᠠᠭᠤᠯᠤᠨ ᠵᠣᠬᠢᠶᠠᠵᠤ᠂ ᠤᠯᠤᠰ᠎ᠤᠨ ᠦᠨᠳᠦᠰᠦᠲᠡᠨ᠎ᠤ ᠵᠥᠪᠯᠡᠯ ᠲᠠᠢ ᠵᠣᠬᠢᠴᠠᠭᠤᠯᠵᠤ ᠂ ᠠᠯᠠᠱᠠ ᠠᠢᠮᠠᠭ᠎ᠤᠨ ᠡᠭᠦᠳᠦᠨ ᠪᠦᠲᠦᠭᠡᠯᠲᠡ᠎ᠶᠢᠨ ᠠᠵᠢᠯ᠎ᠢ ᠬᠢᠨᠠᠨ ᠬᠤᠷᠢᠶᠠᠨ᠎ᠠ᠃ ᠮᠠᠨ᠎ᠤ ᠣᠷᠤᠨ᠎ᠤ ᠰᠢᠯᠭᠠᠨ ᠦᠨᠡᠯᠡᠬᠦ᠌ ᠪᠠᠷᠢᠮᠵᠢᠶ᠎ᠡ᠎ᠳᠦ ᠵᠠᠰᠠᠪᠤᠷᠢ ᠣᠷᠤᠭᠤᠯᠬᠤ ᠠᠵᠢᠯ᠎ᠢ ᠪᠡᠶᠡᠯᠡᠭᠦᠯᠵᠦ᠍᠂ ᠦᠨᠳᠦᠰᠦᠲᠡᠨ᠎ᠦ ᠪᠦᠯᠭᠦᠮᠳᠡᠯ ᠳᠠᠪᠰᠢᠯᠲᠡ᠎ᠶᠢᠨ ᠭᠤᠴᠢᠨ ᠳᠤᠯᠤᠭᠠᠳᠡᠬᠢ ᠠᠵᠢᠯᠯᠠᠭᠠᠨ᠎ᠤ᠋ ᠰᠠᠷ᠎ᠠ᠎ᠶᠢᠨ ᠰᠢᠷᠢᠰ ᠠᠵᠢᠯᠯᠠᠭ᠎ᠠ᠎ᠶᠢ ᠥᠷᠨᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠤᠭᠴᠠ᠎ᠶᠢᠨ ᠤᠬᠠᠮᠰᠠᠷ᠎ᠢ ᠤᠯᠠᠮ ᠪᠡᠬᠢᠵᠢᠭᠦᠯᠦᠨ᠎ᠡ᠃ ᠬᠤᠶᠠᠷ ᠲᠤ᠌᠂ ᠤᠯᠤᠰ᠎ᠤ᠋ᠨ ᠴᠥᠭᠡᠨ ᠲᠣᠭᠠᠲᠤ᠌ ᠦᠨᠳᠦᠰᠦᠲᠡᠨ᠎ᠤ᠋ ᠬᠦᠭᠵᠢᠭᠦᠯᠦᠯᠲᠡ᠎ᠶᠢᠨ ᠪᠡᠯᠡ ᠮᠥᠩᠭᠦ᠎ᠶᠢ ᠲᠡᠮᠡᠴᠡᠨ ᠤᠯᠬᠤ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ᠍᠂ ᠬᠢᠯᠢ ᠬᠢᠵᠠᠭᠠᠷ ᠣᠷᠤᠨ᠎ᠢ ᠬᠦᠭᠵᠢᠭᠦᠯᠵᠦ᠍᠂ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢᠨ《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠳ᠋ᠦᠩᠨᠡᠨ ᠦᠨᠡᠯᠡᠬᠦ᠌ ᠠᠵᠢᠯ᠎ᠢ᠋ ᠰᠠᠢᠲᠤᠷ ᠬᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠭᠣᠣᠯᠳᠠᠯᠭ᠎ᠠ ᠲᠠᠢ ᠠᠵᠢᠯ᠎ᠢ᠋ ᠤᠷᠢᠳᠴᠢᠯᠠᠨ ᠲᠦᠰᠦᠪᠯᠡᠨ᠎ᠡ᠃ ᠭᠤᠷᠪᠠ᠎ᠳᠤ᠂ ᠮᠠᠯᠵᠢᠬᠤ ᠣᠷᠤᠨ᠎ᠤ᠋ ᠣᠳᠤᠬᠢᠴᠢᠯᠠᠯᠲᠠ᠎ᠶᠢᠨ ᠲᠤᠷᠰᠢᠯᠲᠡ᠎ᠶᠢᠨ ᠬᠣᠰᠢᠭᠤᠨ᠎ᠤ᠋ ᠲᠥᠰᠦᠯ᠎ᠤᠨ ᠪᠠᠢᠭᠤᠯᠤᠯᠲᠠ᠎ᠶᠢᠨ ᠠᠬᠢᠴᠠ᠎ᠶᠢ ᠲᠦᠷᠭᠡᠳᠭᠡᠵᠦ᠍᠂ ᠦᠨᠳᠦᠰᠦᠲᠡᠨ᠎ᠦ᠌ ᠪᠦᠯᠭᠦᠮᠳᠡᠯ ᠳᠠᠪᠰᠢᠯᠲᠡ᠎ᠶᠢ ᠪᠦᠲᠦᠭᠡᠨ ᠪᠠᠢᠭᠤᠯᠬᠤ ᠠᠵᠢᠯ᠎ᠢ᠋ ᠦᠷᠨᠢᠭᠦᠯᠬᠦ᠌ ᠎ᠶᠢ ᠢᠳᠡᠪᠬᠢᠲᠡᠢ ᠵᠢᠯᠤᠭᠤᠳᠤᠨ᠎ᠠ᠃ ᠳᠥᠷᠪᠡ ᠳ᠋ᠤ᠌᠂ ᠤᠷᠴᠦᠨ ᠦᠨᠳᠦᠰᠦᠲᠡᠨ᠎ᠦ᠌ ᠥᠪᠡᠷᠲᠡᠭᠡᠨ ᠵᠠᠰᠠᠬᠤ ᠬᠣᠰᠢᠭᠤ ᠪᠠᠢᠭᠤᠯᠤᠭᠳᠠᠭᠰᠠᠨ 70 ᠵᠢᠯ᠎ᠤ᠋ᠨ ᠤᠢ᠎ᠶᠢ ᠲᠡᠮᠳᠡᠭᠯᠡᠬᠦ᠌ ᠠᠵᠢᠯ᠎ᠢ ᠵᠢᠯᠤᠭᠤᠳᠤᠨ᠎ᠠ᠃ ᠪᠦᠬᠦ᠌ ᠤᠯᠤᠰ᠎ᠤ᠋ᠨ ᠴᠥᠭᠡᠨ ᠲᠣᠭᠠᠲᠤ᠌ ᠦᠨᠳᠦᠰᠦᠲᠡᠨ᠎ᠦ᠌ ᠵᠢᠷᠭᠤᠳᠤᠭᠠᠷ ᠬᠤᠭᠤᠴᠠᠭᠠᠨ᠎ᠤ᠋ ᠤᠷᠠᠨ ᠰᠠᠢᠬᠠᠨ᠎ᠤ᠋ ᠲᠤᠭᠯᠠᠯᠲᠠ᠎ᠶᠢᠨ ᠵᠦᠴᠦᠭᠡ᠎ᠶᠢᠨ ᠭᠠᠷᠴᠠᠭ᠎ᠢ ᠰᠢᠯᠢᠨ ᠰᠤᠩᠭᠤᠬᠤ ᠠᠵᠢᠯ᠎ᠢ ᠰᠠᠢᠲᠤᠷ ᠬᠢᠵᠦ᠍᠂ ᠪᠦᠬᠦ᠌ ᠣᠷᠤᠨ᠎ᠤ᠋ ᠴᠥᠭᠡᠨ ᠲᠣᠭᠠᠲᠤ᠌ ᠦᠨᠳᠦᠰᠦᠲᠡᠨ᠎ᠦ᠌ ᠠᠷᠪᠠᠳᠤᠭᠠᠷ ᠬᠤᠭᠤᠴᠠᠭᠠᠨ᠎ᠤ᠋ ᠤᠯᠠᠮᠵᠢᠯᠠᠯᠲᠤ᠌ ᠪᠡᠶ᠎ᠡ ᠲᠠᠮᠢᠷ᠎ᠦᠨ ᠬᠥᠳᠡᠯᠭᠡᠭᠡᠨ᠎ᠦ ᠪᠡᠯᠡᠳᠭᠡᠯ ᠠᠵᠢᠯ᠎ᠢ᠋ ᠦᠷᠭᠦᠯᠵᠢᠯᠡᠨ ᠵᠢᠯᠤᠭᠤᠳᠴᠦ᠍᠂ ᠪᠦᠬᠦ᠌ ᠣᠷᠤᠨ᠎ᠤ᠋ ᠰᠤᠷ ᠬᠠᠷᠪᠤᠬᠤ ᠤᠷᠤᠯᠳᠤᠭᠠᠨ᠎ᠢ ᠴᠠᠭ ᠲᠤᠬᠠᠢ᠎ᠳᠦ ᠨᠢ ᠶᠠᠪᠤᠭᠤᠯᠤᠨ᠎ᠠ᠃ ᠲᠠᠪᠤ᠎ᠳ᠋ᠤ᠌᠂ 《ᠥᠪᠦᠷ ᠮᠣᠩᠭᠤᠯ᠎ᠤ᠋ᠨ ᠥᠪᠡᠷᠲᠡᠭᠡᠨ ᠵᠠᠰᠠᠬᠤ ᠣᠷᠤᠨ᠎ᠤ᠋ ᠮᠣᠩᠭᠤᠯ ᠦᠭᠡ ᠬᠡᠯᠡ ᠦᠰᠦᠭ ᠪᠢᠴᠢᠭ᠎ᠢ᠋ ᠰᠤᠷᠴᠦ᠍ ᠬᠡᠷᠡᠭᠯᠡᠬᠦ᠌᠎ᠶᠢ ᠱᠠᠩᠨᠠᠨ ᠬᠥᠬᠢᠭᠦᠯᠬᠦ᠌ ᠠᠷᠭ᠎ᠠ》᠎ᠳ᠋ᠤ ᠵᠠᠰᠠᠪᠦᠷᠢ ᠣᠷᠤᠭᠤᠯᠬᠤ ᠠᠵᠢᠯ᠎ᠢ᠋ ᠪᠡᠶᠡᠯᠡᠭᠦᠯᠵᠦ᠍᠂ 《ᠥᠪᠦᠷ ᠮᠣᠩᠭᠤᠯ᠎ᠤ᠋ᠨ ᠥᠪᠡᠷᠲᠡᠭᠡᠨ ᠵᠠᠰᠠᠬᠤ ᠣᠷᠤᠨ᠎ᠤ᠋ 〈ᠠᠷᠪᠠᠨ ᠳᠥᠷᠪᠡᠳᠦᠭᠡᠷ ᠲᠠᠪᠤᠨ ᠵᠢᠯ 〉᠎ᠤᠨ ᠬᠤᠭᠤᠴᠠᠭᠠᠨ᠎ᠤ᠎ᠮᠣᠩᠭᠤᠯ ᠬᠡᠯᠡ ᠪᠢᠴᠢᠭ ᠪᠣᠯᠤᠨ ᠮᠡᠳᠡᠭᠡ ᠵᠠᠩᠬᠢᠵᠢᠯᠲᠡ᠎ᠶᠢᠨ ᠲᠥᠯᠦᠪᠵᠢᠭᠦᠯᠭᠡ》᠎ᠶᠢ ᠨᠠᠢᠷᠠᠭᠤᠯᠤᠨ ᠵᠣᠬᠢᠶᠠᠵᠤ᠂ ᠮᠣᠩᠭᠤᠯ ᠦᠭᠡ ᠬᠡᠯᠡ ᠦᠰᠦᠭ ᠪᠢᠴᠢᠭ᠎ᠤᠨ ᠲᠣᠭᠠᠵᠢᠭᠤᠯᠤᠭᠰᠠᠨ ᠡᠬᠢ ᠪᠠᠶᠠᠯᠢᠭ ᠪᠣᠯᠤᠨ ᠬᠠᠮᠲᠤ᠎ᠪᠡᠷ ᠡᠳ᠋ᠯᠡᠬᠦ᠌ ᠢᠨᠵᠸᠨ᠋ᠸᠷᠢᠩ᠎ᠢ ᠵᠢᠩᠭᠢᠨᠢ᠎ᠪᠡᠷ ᠠᠰᠢᠯᠠᠯᠠᠯᠲᠠ᠎ᠳᠤ ᠣᠷᠤᠭᠤᠯᠤᠨ᠎ᠠ᠃ ᠨᠠᠢ᠍ᠮᠠᠨ ᠮᠤᠵᠢ ᠣᠷᠤᠨ᠎ᠤ᠋ ᠮᠣᠩᠭᠤᠯ ᠬᠡᠯᠡ ᠪᠢᠴᠢᠭ᠎ᠤᠨ ᠬᠠᠮᠵᠢᠯᠴᠠᠭ᠎ᠠ᠎ᠶᠢ ᠥᠷᠭᠡᠳᠭᠡᠨ᠂ 《ᠬᠡᠰᠡᠷ》 ᠵᠡᠷᠭᠡ ᠡᠷᠲᠡᠨ᠎ᠦ᠌ ᠰᠤᠳᠤᠷ ᠪᠢᠴᠢᠭ᠎ᠢ᠋  ᠡᠮᠬᠢᠳᠭᠡᠨ ᠴᠤᠭᠯᠠᠭᠤᠯᠵᠦ᠍ ᠬᠡᠪᠯᠡᠭᠦᠯᠬᠦ᠌  ᠠᠵᠢᠯ᠎ᠢ᠋  ᠰᠠᠢᠲᠤᠷ  ᠬᠢᠨ᠎ᠡ᠃ 


×
正在建设当中
×
正在建设当中