ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠮᠣᠩᠭᠣᠯ ᠬᠡᠯᠡ ᠪᠢᠴᠢᠭ᠎ᠤᠨ ᠳᠦᠷᠢᠮᠵᠢᠯ ᠪᠠᠷᠢᠮᠵᠢᠶᠠᠵᠢᠯ᠎ᠤᠨ ᠠᠵᠢᠯ᠎ᠢ ᠲᠤᠰᠬᠠᠶ ᠮᠡᠷᠭᠡᠵᠢᠯᠲᠡᠨ ᠬᠢᠨᠠᠨ ᠦᠨᠡᠯᠡᠬᠦ᠌ ᠪᠠ ᠮᠣᠩᠭᠣᠯ ᠬᠡᠯᠡᠨ᠎ᠤ ᠠᠮᠢᠳᠤᠷᠠᠯ ᠎ᠤᠨ ᠪᠠᠶ᠋ᠢᠳᠠᠯ᠎ᠢ ᠪᠠᠢᠴᠠᠭᠠᠬᠤ ᠠᠵᠢᠯᠯᠠᠭ᠎ᠠ ᠦᠷᠨᠢᠭᠦᠯᠵᠦ᠍ ᠪᠠᠢᠨ᠎ᠠ
ᠦᠰᠦᠭ : 2020-08-21 00:00:00
ᠤᠩᠰᠢᠭᠰᠠᠨ ᠤᠳᠠᠭ᠎ᠠ : ᠨᠠᠢᠷᠠᠭᠤᠯᠤᠭᠴᠢ : ᠯᠢᠶᠠᠩ ᠬᠠᠢ ᠢᠤᠢ

    ᠣᠶ᠋ᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ《ᠮᠣᠩᠭᠣᠯ ᠬᠡᠯᠡ ᠪᠢᠴᠢᠭ᠎ᠤᠨ ᠳᠦᠷᠢᠮᠵᠢᠯ ᠪᠠᠷᠢᠮᠵᠢᠶᠠᠵᠢᠯ᠎ᠤᠨ ᠠᠵᠢᠯ᠎ᠤᠨ ᠪᠠᠢᠴᠠᠭᠠᠨ ᠦᠨᠡᠯᠡᠯᠲᠡ ᠪᠠ ᠮᠣᠩᠭᠣᠯ ᠬᠡᠯᠡᠨ ᠎ᠤ ᠠᠮᠢᠳᠤᠷᠠᠯ ᠎ᠤᠨ ᠪᠠᠶ᠋ᠢᠳᠠᠯ᠎ᠤᠨ ᠪᠠᠢᠴᠠᠭᠠᠨ ᠰᠤᠳᠤᠯᠤᠯᠲᠠ》 ᠭᠡᠬᠦ᠌ ᠰᠡᠳᠦᠪ᠎ᠦᠨ ᠨᠡᠬᠡᠭᠡᠯᠲᠡ᠎ᠶᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠳᠡᠳ᠋ ᠡᠷᠬᠢᠯᠡᠭᠴᠢ ᠰᠠᠴᠤᠷᠠᠯᠲᠤ᠌ ᠪᠣᠯᠤᠨ ᠦᠨᠡᠯᠡᠨ ᠪᠠᠶ᠋ᠢᠴᠠᠭᠠᠬᠤ ᠳᠤᠭᠤᠶ᠋ᠢᠯᠠᠩ᠎ᠤᠨ ᠨᠢᠭᠡ ᠪᠦᠯᠦᠭ ᠭᠡᠰᠢᠭᠦᠳ ᠬᠤᠷᠠᠯ᠎ᠳᠤ ᠣᠷᠣᠯᠴᠠᠪᠠ᠃

    ᠬᠤᠷᠠᠯ᠎ᠠᠴᠠ ᠂ ᠮᠣᠩᠭᠣᠯ ᠬᠡᠯᠡ ᠪᠢᠴᠢᠭ᠎ᠦᠨ ᠠᠵᠢᠯ᠎ᠢ ᠳᠡᠭᠡᠲᠤ᠌ ᠬᠡᠮᠵᠢᠶ᠎ᠡ᠎ᠪᠡᠷ ᠬᠦᠨᠳᠦᠳᠭᠡᠨ ᠦᠵᠡᠵᠦ᠍ ᠂ ᠦᠨᠳᠦᠰᠦᠲᠡᠨ᠎ᠦ ᠲᠤᠬᠠᠢ ᠨᠠᠮ᠎ᠤᠨ ᠲᠥᠷᠥ᠎ᠶᠢᠨ ᠪᠣᠳᠣᠯᠭ᠎ᠠ ᠪᠣᠯᠤᠨ ᠤᠯᠤᠰ᠎ᠤ᠋ᠨ ᠬᠠᠤᠯᠢ ᠴᠠᠭᠠᠵᠠ ᠬᠠᠤᠯᠢ ᠲᠣᠭᠲᠠᠭᠠᠯ ᠎ᠢ᠋ ᠰᠠᠶ᠋ᠢᠲᠤᠷ ᠤᠬᠠᠭᠤᠯᠵᠤ ᠂ ᠮᠣᠩᠭᠣᠯ ᠬᠡᠯᠡ ᠪᠢᠴᠢᠭ᠎ᠤᠨ ᠳᠦᠷᠢᠮᠵᠢᠯ ᠪᠠᠷᠢᠮᠵᠢᠶᠠᠵᠢᠯ᠎ᠤᠨ ᠪᠠᠶ᠋ᠢᠭᠤᠯᠤᠯᠲᠠ᠎ᠶᠢ ᠪᠦᠲᠦᠮᠵᠢᠲᠡᠶ ᠠᠬᠢᠭᠤᠯᠬᠤ᠎ᠬᠡᠷᠡᠭᠲᠡᠢ ᠭᠡᠵᠦ᠍ ᠱᠠᠭᠠᠷᠳᠠᠵᠠᠢ᠃ ᠲᠣᠰ ᠤᠳᠠᠭᠠᠨ᠎ᠤ ᠪᠠᠶ᠋ᠢᠴᠠᠭᠠᠯᠲᠠ ᠨᠢ ᠨᠢᠭᠡ ᠰᠠᠷ᠎ᠠ᠎ᠶᠢᠨ ᠴᠠᠭ ᠎ᠢ᠋ ᠠᠰᠢᠭᠯᠠᠵᠤ ᠂ ᠪᠥᠬᠥ᠌ ᠣᠷᠣᠨ᠎ᠤ ᠡᠯ᠎ᠡ ᠠᠶ᠋ᠢᠮᠠᠭ ᠬᠣᠲᠠ᠎ᠳᠤ ᠭᠦᠨᠵᠡᠭᠡᠶ᠋ᠢᠷᠡᠨ᠂ ᠮᠣᠩᠭᠣᠯ ᠨᠡᠷ᠎ᠡ ᠲᠣᠮᠢᠶ᠎ᠠ ᠂ ᠮᠣᠩᠭᠣᠯ ᠬᠡᠯᠡᠨ᠎ᠦ ᠪᠠᠷᠢᠮᠵᠢᠶ᠎ᠠ ᠠᠪᠢᠶ᠎ᠠ ᠪᠠ ᠮᠣᠩᠭᠣᠯ ᠬᠡᠯᠡᠨ᠎ᠦ ᠵᠥᠪ ᠪᠢᠴᠢᠯᠭᠡ᠎ᠶᠢ ᠳᠦᠷᠢᠮᠵᠢᠯ ᠲᠠᠢ ᠬᠡᠷᠡᠭᠯᠡᠵᠦ᠍ ᠪᠠᠶ᠋ᠢᠭ᠎ᠠ ᠪᠠᠶ᠋ᠢᠳᠠᠯ᠎ᠢ ᠦᠨᠡᠯᠡᠨ ᠪᠠᠢᠴᠠᠭᠠᠬᠤ᠎ᠶᠢᠨ ᠬᠠᠮᠲᠤ᠌ ᠬᠣᠯᠪᠣᠭᠳᠠᠯ ᠪᠥᠬᠥᠶ ᠬᠣᠰᠢᠭᠤ ᠬᠣᠲᠠ ᠲᠣᠭᠣᠷᠢᠭ᠎ᠤᠨ ᠮᠣᠩᠭᠣᠯ ᠬᠡᠯᠡᠨ᠎ᠦ ᠠᠮᠢᠳᠤᠷᠠᠯ᠎ᠤᠨ ᠪᠠᠶ᠋ᠢᠳᠠᠯ᠎ᠳᠤ ᠪᠠᠶ᠋ᠢᠴᠠᠭᠠᠯᠲᠠ ᠬᠢᠬᠦ᠌ ᠪᠣᠯᠤᠨ᠎ᠠ᠃×
正在建设当中
×
正在建设当中