ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠡᠷᠬᠢᠯᠡᠭᠴᠢ ᠴᠢ᠎ᠶᠢᠨ ᠢᠦᠶ ᠬᠥᠯᠥᠨ ᠪᠣᠶ᠋ᠢᠷ ᠬᠣᠲᠠ᠎ᠳᠤ ᠬᠦᠷᠴᠦ᠍ ᠦᠨᠳᠦᠰᠦᠲᠡᠨ᠎ᠦ ᠠᠵᠢᠯ᠎ᠢ ᠪᠠᠢᠴᠠᠭᠠᠨ ᠰᠤᠳᠤᠯᠵᠤ ᠂ ᠮᠠᠯᠵᠢᠬᠤ ᠣᠷᠣᠨ᠎ᠤ ᠣᠳᠣᠬᠢᠴᠢᠯᠠᠯᠲᠠ᠎ᠶᠢ ᠪᠥᠲᠥᠭᠡᠨ ᠪᠠᠶ᠋ᠢᠭᠤᠯᠬᠤ ᠲᠤᠷᠰᠢᠯᠲᠠ᠎ᠶᠢᠨ ᠴᠢᠭ᠎ᠤᠨ ᠠᠵᠢᠯ᠎ᠢ ᠵᠣᠯᠭᠠᠭᠤᠯᠵᠠᠢ
ᠦᠰᠦᠭ : 2020-07-15 00:00:00
ᠤᠩᠰᠢᠭᠰᠠᠨ ᠤᠳᠠᠭ᠎ᠠ : ᠨᠠᠢᠷᠠᠭᠤᠯᠤᠭᠴᠢ : ᠯᠢᠶᠠᠩ ᠬᠠᠢ ᠢᠦᠢ

    2020 ᠤᠨ᠎ᠦ 7 ᠳ᠋ᠤᠭᠠᠷ ᠰᠠᠷ᠎ᠠ᠎ᠶᠢᠨ 9 ᠎ᠡᠴᠡ 14 ᠎ᠦ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ ᠎ᠦ ᠬᠡᠷᠡᠭ ᠡᠷᠬᠢᠯᠡᠬᠦ᠌ ᠵᠥᠪᠯᠡᠯ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠂ ᠡᠷᠬᠢᠯᠡᠭᠴᠢ ᠴᠢ᠎ᠶᠢᠨ ᠢᠦᠶ ᠡᠷᠭᠦᠨ᠎ᠡ ᠬᠣᠲᠠ ᠂ ᠬᠠᠭᠤᠴᠢᠨ ᠪᠠᠷᠭᠤ ᠬᠣᠰᠢᠭᠤ ᠂ ᠮᠠᠨᠵᠤᠤᠷ ᠬᠣᠲᠠ ᠂ ᠰᠢᠨ᠎ᠡ ᠪᠠᠷᠭᠤ ᠪᠠᠷᠠᠭᠤᠨ ᠬᠣᠰᠢᠭᠤ ᠂ ᠰᠢᠨ᠎ᠡ ᠪᠠᠷᠭᠤ ᠵᠡᠭᠦᠨ ᠬᠣᠰᠢᠭᠤᠨ᠎ᠳᠤ ᠬᠦᠷᠴᠦ᠍᠂ ᠬᠢᠯᠢ ᠬᠢᠵᠠᠭᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠢᠭᠤᠯᠤᠭᠰᠠᠨ ᠪᠠ ᠦᠨᠳᠦᠰᠦᠲᠡᠨ᠎ᠦ ᠰᠣᠶᠣᠯ᠎ᠢ ᠤᠯᠠᠮᠵᠢᠯᠠᠨ ᠬᠦᠭᠵᠢᠭᠦᠯᠦᠭᠰᠡᠨ ᠪᠠᠢᠳᠠᠯ ᠂ ᠴᠥᠭᠡᠨ ᠲᠣᠭᠠᠲᠤ᠌ ᠦᠨᠳᠦᠰᠦᠲᠡᠨ᠎ᠦ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠂ ᠬᠢᠯᠢ᠎ᠬᠢᠵᠠᠭᠠᠷ ᠤᠷᠤᠨ᠎ᠤ ᠮᠠᠯᠵᠢᠬᠤ ᠡᠷᠦᠬᠡ᠎ᠶᠢᠨ ᠦᠢᠯᠡᠳᠪᠦᠷᠢᠯᠡᠯ ᠠᠮᠢᠳᠤᠷᠠᠯ᠂ ᠪᠣᠭᠣᠮᠲᠠ᠎ᠶᠢᠨ ᠪᠦᠲᠦᠭᠡᠨ ᠪᠠᠶ᠋ᠢᠭᠤᠯᠤᠯᠲᠠ᠎ᠶᠢᠨ ᠪᠠᠢᠳᠠᠯ ᠵᠡᠷᠭᠡ᠎ᠵᠢ ᠪᠠᠢᠴᠠᠭᠠᠨ ᠰᠤᠳᠤᠯᠵᠤ᠂ ᠮᠠᠯᠵᠢᠬᠤ ᠣᠷᠣᠨ᠎ᠤ ᠤᠳᠤᠬᠢᠴᠢᠯᠠᠯᠲᠠ᠎ᠶᠢᠨ ᠪᠦᠲᠦᠭᠡᠨ ᠪᠠᠶ᠋ᠢᠭᠤᠯᠤᠯᠲᠠ᠎ᠶᠢᠨ ᠲᠤᠷᠰᠢᠯᠲᠠ᠎ᠶᠢᠨ ᠴᠢᠭ᠎ᠦᠨ ᠠᠵᠢᠯ᠎ᠢ  ᠵᠣᠯᠭᠠᠭᠤᠯᠵᠠᠢ᠃

    ᠴᠢ᠎ᠶᠢᠨ ᠢᠦᠶ ᠶᠠᠷᠢᠶᠠᠨ᠎ᠳᠦ᠎ᠪᠠᠨ᠂ ᠬᠥᠯᠥᠨ ᠪᠣᠶ᠋ᠢᠷ ᠬᠣᠲᠠ ᠪᠣᠯ ᠬᠢᠯᠢ ᠬᠢᠵᠠᠭᠠᠷ᠎ᠤᠨ ᠴᠥᠭᠡᠨ ᠲᠣᠭᠠᠲᠤ᠌ ᠦᠨᠳᠦᠰᠦᠲᠡᠨ᠎ᠦ ᠨᠡᠢᠲᠡᠯᠢᠭ ᠰᠢᠨᠵᠢ ᠪᠦᠬᠦᠢ ᠭᠠᠵᠠᠷ ᠣᠷᠣᠨ ᠮᠥᠨ᠂ ᠦᠨᠳᠦᠰᠦᠲᠡᠨ ᠨᠢ ᠤᠯᠠᠨ ᠡᠰᠢᠵᠢᠯᠡᠵᠦ᠍᠂ ᠰᠤᠶᠤᠯ ᠨᠢ ᠤᠯᠠᠨ ᠶᠠᠩᠵᠤᠴᠢᠯᠠᠭᠰᠠᠨ ᠪᠠᠢᠳᠠᠭ᠃  ᠦᠨᠳᠦᠰᠦᠲᠡᠨ ᠎ᠦ ᠠᠵᠢᠯ ᠎ᠢ ᠰᠠᠶ᠋ᠢᠲᠤᠷ ᠬᠢᠬᠦ᠂ ᠠᠵᠤ ᠠᠬᠤᠶ ᠨᠡᠶ᠋ᠢᠭᠡᠮ ᠎ᠦᠨ ᠬᠥᠭᠵᠢᠯᠲᠡ᠎ᠶᠢ ᠲᠦᠷᠭᠡᠳᠬᠡᠬᠦ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠬᠠᠬᠤ ᠂ ᠬᠢᠯᠢ ᠬᠢᠵᠠᠭᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠶ ᠠᠬᠢᠭᠤᠯᠬᠤ ᠂ ᠴᠥᠭᠡᠨ ᠲᠣᠭᠠᠲᠤ᠌ ᠦᠨᠳᠦᠰᠦᠲᠡᠨ᠎ᠦ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠨ᠎ᠤ ᠢᠯᠠᠯᠲᠠ᠎ᠶᠢ ᠲᠡᠮᠡᠴᠡᠨ ᠣᠯᠬᠤ ᠂ ᠬᠢᠯᠢ ᠬᠢᠵᠠᠭᠠᠷ ᠣᠷᠣᠨ᠎ᠤ ᠬᠥᠭᠵᠢᠯᠲᠡ᠎ᠶᠢ ᠳᠡᠮᠵᠢᠬᠦ᠌ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠥᠷᠥ᠎ᠶᠢᠨ ᠪᠣᠳᠣᠯᠭ᠎ᠠ᠎ᠶᠢ ᠰᠠᠶ᠋ᠢᠲᠤᠷ ᠨᠠᠢᠳᠠᠪᠤᠷᠢᠵᠢᠭᠤᠯᠬᠤ ᠨᠢ ᠪᠦᠬᠦ᠌ ᠣᠷᠣᠨ᠎ᠤ ᠦᠨᠳᠦᠰᠦᠲᠡᠨ᠎ᠦ ᠪᠦᠯᠬᠦᠮᠳᠡᠯ᠂ ᠨᠡᠶ᠋ᠢᠭᠡᠮ᠎ᠦᠨ ᠲᠣᠭᠲᠠᠭᠤᠨ᠎ᠢ ᠬᠠᠮᠠᠭᠠᠯᠠᠬᠤ᠂ 《ᠦᠨᠳᠦᠰᠦᠲᠡᠨ᠎ᠨᠦᠭᠦᠳ ᠬᠠᠮᠲᠤᠪᠠᠷ ᠪᠦᠯᠬᠦᠮᠳᠡᠨ ᠳᠠᠪᠰᠢᠬᠤ᠂ ᠬᠠᠮᠲᠤᠪᠠᠷ ᠴᠡᠴᠡᠭᠯᠡᠨ ᠬᠥᠭᠵᠢᠬᠦ᠌》᠎ᠶᠢ ᠲᠦᠯᠬᠢᠨ ᠠᠬᠢᠭᠤᠯᠬᠤ᠎ᠳᠤ ᠮᠠᠰᠢ ᠴᠢᠬᠤᠯᠠ ᠠᠴᠢ ᠬᠣᠯᠪᠣᠭᠳᠠᠯ᠎ᠲᠠᠶ ᠶᠤᠮ᠃ ᠬᠥᠯᠥᠨ ᠪᠤᠶ᠋ᠢᠷ ᠬᠣᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠡᠬᠢᠵᠢᠭᠦᠯᠬᠦ᠌᠎ᠪᠡᠷ ᠭᠣᠣᠯ ᠰᠢᠵᠢᠮ ᠪᠣᠯᠭᠠᠵᠤ᠂ ᠦᠨᠳᠦᠰᠦᠲᠡᠨ᠎ᠦ ᠠᠵᠢᠯ᠎ᠢ ᠬᠢᠨᠠᠮᠠᠭᠠᠢ ᠰᠠᠶ᠋ᠢᠲᠤᠷ ᠬᠢᠬᠦ᠂ ᠬᠢᠯᠢ ᠬᠢᠵᠠᠭᠠᠷ᠎ᠣᠷᠤᠨ᠎ᠤ ᠲᠣᠭᠲᠠᠭᠤᠨ ᠪᠠᠶ᠋ᠢᠳᠠᠯ᠎ᠢ ᠬᠠᠮᠠᠭᠠᠯᠠᠬᠤ ᠪᠡᠷ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ ᠬᠠᠷᠢᠭᠤᠴᠠᠯᠭ᠎ᠠ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠪᠠ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠶ ᠤᠷᠲᠤ᠌ ᠬᠤᠭᠤᠴᠠᠭ᠎ᠠ᠎ᠪᠠᠷ ᠥᠷᠨᠢᠭᠦᠯᠵᠦ᠍᠂ ᠬᠢᠯᠢ ᠬᠢᠵᠠᠭᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠬᠥᠯᠥᠨ ᠪᠣᠶ᠋ᠢᠷ ᠬᠣᠲᠠ᠎ᠶᠢᠨ ᠠᠵᠢᠯ᠎ᠢᠶᠡᠨ ᠰᠠᠢᠲᠦᠷ ᠥᠷᠨᠢᠭᠦᠯᠬᠦ᠌᠎ᠶᠢ ᠦᠷᠭᠦᠯᠵᠢᠲᠡ ᠳᠡᠮᠵᠢᠵᠦ᠍ ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠣᠷᠤᠨ᠎ᠤ ᠲᠣᠭᠲᠠᠭᠤᠨ ᠪᠠᠶ᠋ᠢᠳᠠᠯ᠎ᠢ ᠦᠨᠡᠨ ᠬᠦ᠌ ᠪᠠᠲᠤᠯᠠᠨ᠎ᠠ ᠭᠡᠵᠡᠢ ᠃ ᠲᠡᠷᠡ ᠪᠠᠰᠠ ᠪᠠᠶ᠋ᠢᠴᠠᠭᠠᠨ ᠰᠤᠳᠤᠯᠬᠤ ᠬᠤᠭᠤᠴᠠᠭᠠᠨ᠎ᠳᠤ ᠎ᠪᠠᠨ ᠬᠥᠯᠥᠨ ᠪᠣᠶ᠋ᠢᠷ ᠬᠣᠲᠠ᠎ᠶᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠰᠢᠨ᠎ᠡ ᠪᠠᠷᠭᠤ ᠪᠠᠷᠠᠭᠤᠨ ᠬᠣᠰᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠲᠠᠢ ᠮᠠᠯᠵᠢᠬᠤ ᠣᠷᠣᠨ᠎ᠤ ᠣᠳᠣᠬᠢᠴᠢᠯᠠᠯᠲᠠ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠤᠷᠰᠢᠯᠲᠠ᠎ᠶᠢᠨ ᠴᠢᠭ᠎ᠤᠨ ᠠᠵᠢᠯ᠎ᠤᠨ ᠲᠤᠬᠠᠶ ᠶᠠᠷᠢᠯᠴᠠᠵᠤ ᠂ ᠰᠠᠨᠠᠯ ᠬᠤᠷᠢᠶᠠᠵᠠᠢ ᠃


×
正在建设当中
×
正在建设当中