ᠳᠤᠮᠳᠠᠳᠤ ᠠᠹᠷᠢᠺᠠ ᠬᠠᠷᠢᠯᠴᠠᠨ ᠳᠤᠰᠠᠯᠠᠯᠴᠠᠨ ᠮᠦᠷᠦ ᠵᠡᠷᠬᠡᠴᠡᠨ ᠪᠠᠶᠢᠯᠳᠤᠵᠥ᠂ ᠳᠤᠮᠳᠠᠳᠤ ᠠᠹᠷᠢᠺᠠ ᠨᠡᠩ ᠪᠦᠯᠬᠦᠮᠳᠡᠨ᠂ ᠨᠦᠬᠦᠷᠰᠡᠭ ᠢᠳᠡᠬᠡᠯᠴᠡᠭᠡ ᠨᠡᠩ ᠪᠡᠳᠤᠵᠢᠪᠠ᠃
ᠦᠰᠦᠭ : 2020-07-21 00:00:00
ᠤᠩᠰᠢᠭᠰᠠᠨ ᠤᠳᠠᠭ᠎ᠠ :ᠣᠷᠴᠢᠭᠤᠯᠤᠭᠴᠢ : ᠭᠠᠷᠴᠠᠭ 2

    ᠤᠯᠤᠰ ᠤᠨ ᠳᠡᠷᠢᠬᠦᠯᠡᠭᠴᠢ ᠰᠢ ᠶᠢᠨ ᠫᠢᠩ 17 ᠤ ᠤᠷᠤᠢ ᠪᠡᠬᠡᠵᠢᠩ ᠳᠤ ᠳᠤᠮᠳᠠᠳᠤ ᠠᠹᠷᠢᠺᠠ ᠪᠦᠯᠬᠦᠮᠳᠡᠨ ᠬᠢᠵᠢᠭ ᠲᠠᠢ ᠳᠡᠮᠡᠴᠡᠬᠦ ᠤᠨᠴᠠᠭᠠᠢ ᠳᠦᠷᠦᠬᠦᠴᠦᠳ ᠤᠨ ᠬᠤᠷᠠᠯ ᠢ ᠡᠷᠬᠢᠯᠡᠭᠰᠡᠨ ᠪᠦᠬᠡᠳ ︽ᠪᠦᠯᠬᠦᠮᠳᠡᠨ ᠬᠢᠵᠢᠭ ᠲᠠᠢ ᠳᠠᠮᠡᠴᠡᠵᠥ ᠴᠠᠬ ᠤᠨ ᠪᠡᠷᠬᠡ ᠶᠢ ᠬᠠᠮᠳᠤ ᠪᠠᠷ ᠳᠤᠭᠤᠯᠤᠶ᠎ᠠ︾ ᠬᠡᠰᠡᠨ ᠰᠡᠳᠦᠪ ᠲᠠᠢ ᠭᠤᠤᠯ ᠵᠤᠷᠢᠯᠳᠠᠳᠤ ᠶᠠᠷᠢᠶ᠎ᠠ ᠳᠠᠯᠪᠢᠪᠠ᠃ ᠰᠢ ᠶᠢᠨ ᠫᠢᠩ᠂ ᠬᠢᠵᠢᠭ ᠤᠨ ᠪᠠᠶᠢᠳᠠᠯ ᠤᠨ ᠡᠮᠤᠨ᠎ᠡ᠂ ᠳᠤᠮᠳᠠᠳᠤ ᠠᠹᠷᠢᠺᠠ ᠬᠠᠷᠢᠯᠴᠠᠨ ᠳᠤᠰᠠᠯᠠᠯᠴᠠᠨ ᠮᠦᠷᠦ ᠵᠡᠷᠬᠡᠴᠡᠨ ᠪᠠᠶᠢᠯᠳᠤᠵᠥ᠂ ᠳᠤᠮᠳᠠᠳᠤ ᠠᠹᠷᠢᠺᠠ ᠨᠡᠩ ᠪᠦᠯᠬᠦᠮᠳᠡᠨ᠂ ᠨᠦᠬᠦᠷᠰᠡᠭ ᠢᠳᠡᠬᠡᠯᠴᠡᠭᠡ ᠨᠡᠩ     ᠪᠡᠳᠤᠵᠢᠪᠠ᠃ ᠳᠤᠮᠳᠠᠳᠤ ᠤᠯᠤᠰ ᠳᠤᠮᠳᠠᠳᠤ ᠠᠹᠷᠢᠺᠠ ᠶᠢᠨ ᠤᠯᠠᠮᠵᠢᠯᠠᠯᠳᠤ ᠨᠦᠬᠦᠷᠯᠡᠯ ᠢ ᠨᠠᠨᠳᠢᠩᠨᠠᠨ᠎ᠠ᠂ ᠲᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ ᠤᠨ ᠬᠢᠨ ᠤ ᠳᠤᠮᠳᠠᠳᠤ ᠠᠹᠷᠢᠺᠠ ᠶᠢᠨ ᠪᠦᠯᠬᠦᠮᠳᠡᠯ ᠬᠠᠮᠳᠤᠷᠠᠯᠴᠠᠭ᠎ᠠ ᠶᠢ ᠴᠢᠩᠭᠠᠳᠬᠠᠬᠤ ᠢᠳᠡᠭᠡᠯ ᠵᠤᠷᠢᠭ ᠯᠠᠪᠳᠠᠢ ᠭᠤᠶᠢᠪᠢᠯᠵᠠᠬᠤ ᠦᠭᠡᠢ ᠶᠤᠮ᠃ ᠳᠤᠮᠳᠠᠳᠤ ᠤᠯᠤᠰ ᠠᠹᠷᠢᠺᠠ ᠶᠢᠨ ᠬᠢᠨ ᠤ ᠬᠢᠵᠢᠭ ᠲᠠᠢ ᠲᠡᠮᠡᠴᠡᠬᠦ ᠠᠵᠢᠯᠯᠠᠭ᠎ᠠ ᠶᠢ ᠦᠷᠭᠦᠯᠵᠢᠯᠡᠨ ᠪᠦᠬᠦ ᠬᠦᠴᠦᠨ ᠢᠶᠠᠷ ᠳᠡᠮᠵᠢᠨ᠎ᠠ᠃ ᠬᠤᠶᠠᠷ ᠳᠠᠯ᠎ᠠ ᠪᠠᠷ ᠢᠶᠠᠨ ᠠᠷᠠᠳ ᠲᠦᠮᠡᠨ ᠢ ᠳᠡᠭᠡᠳᠦᠯᠡᠬᠦ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠨ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠦ ᠪᠠᠶᠢᠭᠠᠳ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠵᠤ᠂ ᠡᠷᠡᠰ ᠭᠤᠶᠢᠪᠢᠰᠢ ᠦᠭᠡᠢ ᠪᠠᠷ ᠭᠠᠷ ᠬᠤᠯᠪᠤᠨ ᠬᠢᠵᠢᠭ ᠲᠠᠢ ᠲᠡᠮᠡᠴᠡᠵᠥ᠂ ᠡᠷᠡᠰ ᠭᠤᠶᠢᠪᠢᠰᠢ ᠦᠭᠡᠢ ᠪᠠᠷ ᠲᠤᠮᠲᠠᠲᠤ ᠠᠹᠷᠢᠺᠠ ᠶᠢᠨ ᠬᠠᠮᠲᠤᠷᠠᠯᠴᠠᠭ᠎ᠠ ᠶᠢ ᠠᠬᠢᠭᠤᠯᠤᠨ᠂ ᠡᠷᠡᠰ ᠭᠤᠶᠢᠪᠢᠰᠢ ᠦᠭᠡᠢ ᠪᠠᠷ ᠤᠯᠠᠨ ᠲᠠᠯᠠᠳᠤ ᠦᠵᠡᠯ ᠢ ᠤᠢᠢᠯᠡᠳᠤᠯᠬᠡᠵᠢᠬᠦᠯᠵᠥ᠂ ᠡᠷᠡᠰ ᠭᠤᠶᠢᠪᠢᠰᠢ ᠦᠭᠡᠢ ᠪᠠᠷ ᠳᠤᠮᠳᠠᠳᠤ ᠠᠹᠷᠢᠺᠠ ᠶᠢᠨ ᠨᠦᠬᠦᠷᠯᠠᠯ ᠢ ᠠᠬᠢᠭᠤᠯᠵᠤ᠂ ᠲᠤᠮᠲᠠᠲᠤ ᠠᠹᠷᠢᠺᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠤᠭᠴᠠ ᠪᠤᠯᠤᠨ ᠨᠡᠩ ᠨᠢᠬᠳᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠬᠠᠮᠲᠤ ᠪᠠᠷ ᠪᠦᠳᠦᠬᠡᠨ ᠪᠠᠶᠢᠭᠤᠯᠤᠶ᠎ᠠ ᠬᠡᠵᠥ ᠴᠢᠬᠤᠯᠠᠴᠢᠯᠠᠪᠠ᠃ ᠬᠤᠷᠠᠯ ᠠᠴᠠ ︽ᠳᠤᠮᠳᠠᠳᠤ ᠠᠹᠷᠢᠺᠠ ᠪᠦᠯᠬᠦᠮᠳᠡᠨ ᠬᠢᠵᠢᠭ ᠲᠠᠢ ᠳᠡᠮᠡᠴᠡᠬᠦ ᠤᠨᠴᠠᠭᠠᠢ ᠳᠦᠷᠦᠬᠦᠴᠦᠳ ᠤᠨ ᠬᠤᠷᠠᠯ ᠤᠨ ᠬᠠᠮᠳᠤᠷᠠᠬᠰᠠᠨ ᠢᠯᠡᠷᠬᠡᠶᠢᠯᠡᠯᠳᠡ︾ ᠶᠢ ᠨᠡᠶᠢᠳᠡᠯᠡᠵᠥ᠂ ᠳᠡᠯᠡᠬᠡᠢ ᠨᠡᠶᠢᠬᠡᠮ ᠳᠤ ᠳᠤᠮᠳᠠᠳᠤ ᠠᠹᠷᠢᠺᠠ ᠪᠦᠯᠬᠦᠮᠳᠡᠨ ᠬᠠᠮᠳᠤᠷᠠᠯᠴᠠᠬᠤ ᠴᠠᠬ ᠦᠶ᠎ᠡ ᠶᠢᠨ ᠬᠦᠴᠦᠷᠬᠡᠭ ᠳᠠᠭᠤᠨ ᠢ ᠰᠤᠨᠤᠷᠳᠠᠭᠤᠯᠪᠠ᠃


1595302323345373.jpg


    ᠲᠤᠰ ᠤᠲᠠᠭ᠎ᠠ ᠶᠢᠨ ᠲᠦᠷᠦᠭᠦᠴᠤᠳ ᠤᠨ ᠬᠤᠷᠠᠯ ᠢ ᠲᠤᠮᠲᠠᠲᠤ ᠤᠯᠤᠰ ᠪᠤᠯᠤᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠬᠦᠷ ᠲᠡᠷᠢᠭᠦᠯᠡᠭᠴᠢ ᠤᠯᠤᠰ ᠪᠤᠯᠬᠤ ᠡᠮᠦᠨᠡᠲᠦ ᠠᠹᠷᠢᠺᠠ᠂ ᠲᠤᠮᠲᠠᠲᠤ ᠠᠹᠷᠢᠺᠠ ᠶᠢᠨ ᠬᠠᠮᠲᠤᠷᠠᠯᠴᠠᠭ᠎ᠠ ᠶᠢᠨ ᠶᠠᠷᠢᠶᠠᠠ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠪᠤᠯᠬᠤ ᠰᠧᠨᠧᠭᠠᠯ ᠬᠠᠮᠲᠤ ᠪᠠᠷ ᠰᠠᠨᠠᠭᠠᠴᠢᠯᠠᠵᠤ᠂ ᠸᠢᠲᠢᠣ᠋ ᠬᠡᠯᠪᠡᠷᠢ ᠪᠠᠷ ᠶᠠᠪᠤᠭᠲᠠᠪᠠ᠃ ᠡᠮᠦᠨᠡᠲᠦ ᠠᠹᠷᠢᠺᠠ ᠶᠢᠨ ᠶᠡᠷᠦᠩᠭᠡᠶᠢᠯᠡᠭᠴᠢ ᠯᠠᠮᠠᠹᠦ᠋ᠰᠠ᠂ ᠰᠧᠨᠧᠭᠠᠯ ᠤᠨ ᠶᠡᠷᠦᠩᠭᠡᠶᠢᠯᠡᠭᠴᠢ ᠰᠠᠯᠧ ᠪᠤᠯᠤᠨ ᠶᠧᠵᠢᠫᠲ ᠤᠨ ᠶᠡᠷᠦᠩᠭᠡᠶᠢᠯᠡᠭᠴᠢ ᠰᠠᠶᠢᠰᠢ᠂ ᠺᠤᠩᠭᠣ᠋ ︵ ᠶᠢᠨ︶ ᠶᠢᠨ ᠶᠡᠷᠦᠩᠭᠡᠶᠢᠯᠡᠭᠴᠢ ᠴᠢᠰᠠᠶᠢᠺᠧᠲᠢ᠂ ᠠᠯᠵᠧᠷᠢᠶ᠎ᠠ ᠶᠢᠨ ᠶᠡᠷᠦᠩᠭᠡᠶᠢᠯᠡᠭᠴᠢ ᠲᠧᠪᠸᠠ᠂ ᠭᠠᠪᠤᠠ ᠤ ᠶᠡᠷᠦᠩᠭᠡᠶᠢᠯᠡᠭᠴᠢ ᠪᠠᠩᠭᠧ᠂ ᠺᠧᠨᠢᠶᠠ ᠶᠢᠨ ᠶᠡᠷᠦᠩᠭᠡᠶᠢᠯᠡᠭᠴᠢ ᠺᠸᠠᠶᠠᠲ᠋ᠠ᠂ ᠮᠠᠯᠢ ᠶᠢᠨ ᠶᠡᠷᠦᠩᠭᠡᠶᠢᠯᠡᠭᠴᠢ ᠺᠠᠶᠢᠲ᠋ᠠ᠂ ᠨᠢᠭᠧᠷ ᠤᠨ ᠶᠡᠷᠦᠩᠭᠡᠶᠢᠯᠡᠭᠴᠢ ᠶᠢᠰᠦ᠋ᠹᠦ᠋᠂ ᠨᠢᠭᠧᠷᠢᠶ᠎ᠠ ᠶᠢᠨ ᠶᠡᠷᠦᠩᠭᠡᠶᠢᠯᠡᠭᠴᠢ ᠪᠦᠬᠠᠯᠢ᠂ ᠷᠦᠸᠠᠠᠲᠠ ᠶᠢᠨ ᠶᠡᠷᠦᠩᠭᠡᠶᠢᠯᠡᠭᠴᠢ ᠺᠠᠵᠢᠶᠠᠮᠸᠢ᠂ ᠽᠢᠮᠪᠠᠪᠦ᠋ᠸᠧᠢ ᠶᠢᠨ ᠶᠡᠷᠦᠩᠭᠡᠶᠢᠯᠡᠭᠴᠢ ᠮᠦᠨᠠᠠᠵᠢᠶᠠᠭᠦ᠋ᠸᠠ᠂ ᠡᠸ᠋ᠽᠢᠤᠫᠢᠶ᠎ᠠ ᠶᠢᠨ ᠶᠡᠷᠦᠩᠭᠡᠢ ᠰᠠᠶᠢᠳ ᠠᠪᠢ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠦᠪᠯᠡᠯ ᠤᠨ ᠲᠡᠷᠢᠭᠦᠯᠡᠭᠴᠢ ᠹᠠᠵᠢ ᠲᠦᠷᠦᠬᠦᠴᠤᠳ ᠤᠨ ᠬᠤᠷᠠᠯ ᠳᠤ ᠤᠷᠤᠯᠴᠠᠵᠠᠢ᠃ ᠤᠯᠠᠠ ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠲᠠᠷᠤᠭ᠎ᠠ ᠭᠦᠲ᠋ᠧᠯᠸᠢᠢᠰ᠂ ᠲᠡᠯᠡᠭᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠠ ᠪᠠᠶᠢᠭᠤᠯᠤᠯᠲᠠ ᠶᠢᠨ ᠶᠡᠷᠦᠩᠭᠡᠢ ᠠᠵᠢᠯᠯᠠᠭᠴᠢ ᠲᠠᠠᠳᠧᠰᠠᠢ ᠤᠠᠴᠠ ᠤᠷᠢᠭᠰᠠᠠ ᠵᠤᠴᠢᠨ ᠤ ᠬᠤᠪᠢ ᠪᠠᠷ ᠲᠦᠷᠦᠬᠦᠴᠤᠳ ᠤᠨ ᠬᠤᠷᠠᠯ ᠳᠤ ᠤᠷᠤᠯᠴᠠᠪᠠ᠃
    ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠪᠠᠶᠢᠩᠭᠤ ᠶᠢᠨ ᠭᠡᠰᠢᠭᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ ᠲᠦᠷᠦᠬᠦᠴᠤᠳ ᠤᠨ ᠬᠤᠷᠠᠯ ᠳᠤ ᠤᠷᠤᠯᠴᠠᠵᠠᠢ᠃
    ᠰᠢ ᠶᠢᠨ ᠫᠢᠩ ᠶᠠᠷᠢᠶᠠᠠ ᠳᠠᠭᠠᠨ᠂ ᠪᠦᠬᠦ ᠪᠦᠮᠪᠦᠷᠴᠡᠭ ᠢᠶᠠᠷ ᠢᠶᠠᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠳᠡᠮᠡᠴᠡᠵᠦ ᠪᠠᠶᠢᠬᠤ ᠴᠢᠬᠤᠯᠠ ᠴᠠᠬ ᠮᠦᠴᠡ ᠳᠤ᠂ ᠪᠢᠳᠡ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠤᠨᠴᠠᠭᠠᠢ ᠳᠦᠷᠦᠬᠦᠴᠦᠳ ᠤᠨ ᠬᠤᠷᠠᠯ ᠢ ᠬᠤᠷᠠᠯᠳᠤᠭᠤᠯᠵᠥ᠂ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ ᠸᠢᠳᠢᠣ᠋ ᠪᠠᠷ ᠳᠠᠮᠵᠢᠨ ᠴᠤᠬᠯᠠᠷᠠᠵᠥ᠂ ᠪᠦᠯᠬᠦᠮᠳᠡᠨ ᠬᠢᠵᠢᠭ ᠲᠠᠢ ᠳᠡᠮᠡᠴᠡᠬᠦ ᠶᠡᠭᠡ ᠪᠤᠳᠤᠯᠭ᠎ᠠ ᠶᠢ ᠬᠠᠮᠳᠤ ᠪᠠᠷ ᠵᠦᠪᠳᠡᠯᠴᠡᠨ᠂ ᠳᠤᠮᠳᠠᠳᠤ ᠠᠹᠷᠢᠺᠠ ᠶᠢᠨ ᠠᠬ᠎ᠠ ᠳᠡᠬᠦᠦ ᠶᠢᠨ ᠨᠦᠬᠦᠷᠯᠡᠯ ᠢᠶᠠᠨ ᠬᠠᠮᠳᠤ ᠪᠠᠷ ᠶᠠᠷᠢᠯᠴᠠᠬᠤ ᠪᠤᠯᠤᠯ᠎ᠠ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠬᠡᠨᠡᠳᠳᠡ ᠪᠠᠷ ᠳᠠᠭᠠᠷᠢᠨ ᠢᠷᠡᠵᠥ᠂ ᠳᠡᠯᠡᠬᠡᠢ ᠶᠢᠨ ᠡᠯ᠎ᠡ ᠤᠯᠤᠰ ᠲᠤ ᠬᠦᠨᠳᠤ ᠨᠤᠴᠢᠳᠠᠢ ᠳᠠᠭᠠᠷᠢᠯᠳᠠ ᠤᠴᠠᠷᠠᠭᠤᠯᠵᠤ᠂ ᠬᠡᠳᠤᠨ ᠠᠷᠪᠠᠨ ᠳᠦᠮᠡᠨ ᠬᠦᠮᠦᠨ ᠨᠠᠨᠳᠢᠨ ᠠᠮᠢ ᠪᠠᠨ ᠠᠯᠳᠠᠪᠠ᠃ ᠠᠳᠡ ᠪᠢ ᠰᠠᠨᠠᠭᠠᠴᠢᠯᠠᠬᠤ ᠨᠢ᠂ ᠪᠢᠳᠡ ᠬᠢᠵᠢᠭ ᠲᠤ ᠬᠠᠯᠳᠠᠪᠤᠷᠢᠯᠠᠬᠳᠠᠭᠠᠳ ᠵᠤᠯ ᠪᠤᠰᠤ ᠪᠠᠷ ᠨᠠᠰᠤ ᠪᠠᠷᠠᠬᠰᠠᠳ ᠢ ᠨᠠᠮᠠᠨᠴᠢᠯᠠᠨ ᠭᠠᠰᠢᠭᠤᠳᠠᠵᠥ᠂ ᠳᠡᠳᠡᠨ ᠤ ᠰᠠᠳᠤᠨ ᠳᠦᠷᠦᠯ ᠢ ᠳᠤᠬᠤᠨᠢᠭᠤᠯᠵᠥ ᠪᠠᠶᠢᠬᠤ ᠪᠠᠨ ᠢᠯᠡᠳᠬᠡᠶ᠎ᠡ ᠭᠡᠵᠦ ᠵᠢᠭᠠᠵᠦ ᠭᠠᠷᠭᠠᠪᠠ᠃
    ᠰᠢ ᠶᠢᠨ ᠫᠢᠩ᠂ ᠬᠢᠵᠢᠭ ᠤᠨ ᠪᠠᠶᠢᠳᠠᠯ ᠤᠨ ᠡᠮᠦᠨ᠎ᠠ᠂ ᠳᠤᠮᠳᠠᠳᠤ ᠤᠯᠤᠰ ᠪᠤᠯᠤᠨ ᠠᠹᠷᠢᠺᠠ ᠲᠢᠪ ᠬᠠᠷᠢᠯᠴᠠᠨ ᠲᠤᠰᠠᠯᠠᠯᠴᠠᠨ ᠮᠦᠷᠦ ᠵᠡᠷᠭᠡᠴᠡᠨ ᠪᠠᠶᠢᠯᠳᠤᠵᠦ᠂ ᠬᠤᠶᠠᠷ ᠲᠠᠯ᠎ᠠ ᠪᠠᠷ ᠢᠶᠠᠨ ᠨᠡᠩ ᠪᠦᠯᠬᠦᠮᠳᠡᠨ᠂ ᠨᠦᠬᠦᠷᠰᠡᠭ ᠢᠳᠡᠭᠡᠯᠴᠡᠭᠡ ᠨᠡᠩ ᠪᠠᠳᠤᠵᠢᠪᠠ᠃ ᠳᠤᠮᠳᠠᠳᠤ ᠤᠯᠤᠰ ᠳᠤᠮᠳᠠᠳᠤ ᠠᠹᠷᠢᠺᠠ ᠶᠢᠨ ᠤᠯᠠᠮᠵᠢᠯᠠᠯᠳᠤ ᠨᠦᠬᠦᠷᠯᠡᠯ ᠢ ᠨᠠᠨᠳᠢᠩᠨᠠᠨ᠎ᠠ᠂ ᠲᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ ᠤᠨ ᠬᠢᠨ ᠤ ᠳᠤᠮᠳᠠᠳᠤ ᠠᠹᠷᠢᠺᠠ ᠶᠢᠨ ᠪᠦᠯᠬᠦᠮᠳᠡᠯ ᠬᠠᠮᠳᠤᠷᠠᠯᠴᠠᠭ᠎ᠠ ᠶᠢ ᠴᠢᠩᠭᠠᠳᠬᠠᠬᠤ ᠢᠳᠡᠭᠡᠯ ᠵᠤᠷᠢᠭ ᠯᠠᠪᠳᠠᠢ ᠭᠤᠶᠢᠪᠢᠯᠵᠠᠬᠤ ᠦᠬᠡᠢ ᠶᠤᠮ ᠭᠡᠵᠦ ᠴᠢᠬᠤᠯᠠᠴᠢᠯᠠᠪᠠ᠃
    ᠰᠢ ᠶᠢᠨ ᠫᠢᠩ᠂ ᠤᠳᠤᠬᠠᠨ ᠳᠤ ᠬᠢᠵᠢᠭ ᠤᠨ ᠪᠠᠶᠢᠳᠠᠯ ᠪᠦᠬᠦ ᠳᠡᠯᠡᠬᠡᠢ ᠳᠤ ᠮᠦᠨ ᠬᠦ ᠦᠷᠪᠢᠰᠦᠨ ᠳᠡᠯᠭᠡᠷᠡᠵᠤ ᠪᠠᠶᠢᠨ᠎ᠠ᠂ ᠳᠤᠮᠳᠠᠳᠤ ᠤᠯᠤᠰ ᠪᠤᠯᠤᠨ ᠠᠹᠷᠢᠺᠠ ᠲᠢᠪ ᠲᠤ ᠴᠦᠮ ᠬᠢᠵᠢᠭ ᠲᠠᠢ ᠲᠡᠮᠡᠴᠡᠬᠦ᠂ ᠠᠵᠤ ᠠᠬᠤᠢ ᠪᠠᠨ ᠲᠤᠭᠳᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠬᠤ ᠬᠦᠨᠳᠦ ᠡᠭᠦᠷᠭᠡ ᠲᠤᠯᠭᠠᠷᠠᠵᠤ ᠪᠠᠶᠢᠨ᠎ᠠ᠃ ᠪᠢᠳᠡ ᠠᠷᠠᠳ ᠲᠦᠮᠡᠨ ᠢ ᠳᠡᠭᠡᠳᠦᠯᠡᠬᠦ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠵᠤ᠂ ᠡᠬᠢ ᠪᠠᠶᠠᠯᠢᠭ ᠢ ᠨᠢᠭᠡᠳᠦᠯᠳᠠᠢ ᠲᠦᠯᠦᠪᠵᠢᠭᠦᠯᠤᠨ᠂ ᠪᠦᠯᠬᠦᠮᠳᠡᠨ ᠬᠠᠮᠳᠤᠷᠠᠯᠴᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠦ ᠪᠠᠶᠢᠭᠠᠳ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠵᠤ᠂ ᠬᠢᠵᠢᠭ ᠤᠨ ᠪᠠᠶᠢᠳᠠᠯ ᠤᠨ ᠨᠠᠵᠠᠭᠠᠢ ᠨᠦᠯᠦᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ ᠭᠡᠵᠦ ᠵᠢᠭᠠᠵᠦ ᠭᠠᠷᠭᠠᠪᠠ᠃
    ᠨᠢᠭᠡᠳᠦᠭᠡᠷ ᠲᠤ᠂ ᠪᠢᠳᠡ ᠡᠷᠡᠰ ᠭᠤᠶᠢᠪᠢᠰᠢ ᠦᠭᠡᠢ ᠪᠠᠷ ᠭᠠᠷ ᠬᠤᠯᠪᠤᠨ ᠬᠢᠵᠢᠭ ᠲᠠᠢ ᠲᠡᠮᠡᠴᠡᠨ᠎ᠡ᠃ ᠳᠤᠮᠳᠠᠳᠤ ᠤᠯᠤᠰ ᠠᠹᠷᠢᠺᠠ ᠲᠢᠪ ᠤᠨ ᠬᠢᠨ ᠤ ᠬᠢᠵᠢᠭ ᠲᠠᠢ ᠲᠡᠮᠡᠴᠡᠬᠦ ᠠᠵᠢᠯᠯᠠᠭ᠎ᠠ ᠶᠢ ᠦᠷᠭᠦᠯᠵᠢᠯᠡᠨ ᠪᠦᠬᠦ ᠬᠦᠴᠦᠨ ᠢᠶᠠᠷ ᠳᠡᠮᠵᠢᠵᠤ᠂ ᠦᠷᠭᠦᠯᠵᠢᠯᠡᠨ ᠠᠹᠷᠢᠺᠠ ᠲᠢᠪ ᠤᠨ ᠤᠯᠤᠰ ᠤᠳ ᠲᠤ ᠡᠳ᠋ ᠪᠤᠳᠠᠰ ᠤᠨ ᠲᠤᠰᠠᠯᠠᠮᠵᠢ ᠬᠠᠩᠭᠠᠨ᠂ ᠡᠮᠴᠢᠯᠡᠭᠡᠨ ᠤ ᠲᠤᠰᠬᠠᠢ ᠮᠡᠷᠭᠡᠵᠢᠯᠳᠡᠨ ᠤ ᠳᠤᠭᠤᠢᠢᠯᠠᠩ ᠲᠤᠮᠢᠯᠠᠵᠤ᠂ ᠠᠹᠷᠢᠺᠠ ᠲᠢᠪ ᠤᠨ ᠬᠢᠨ ᠤ ᠳᠤᠮᠳᠠᠳᠤ ᠤᠯᠤᠰ ᠲᠤ ᠢᠷᠡᠵᠤ ᠬᠢᠵᠢᠭ ᠲᠠᠢ ᠲᠡᠮᠡᠴᠡᠬᠦ ᠡᠳ᠋ ᠪᠤᠳᠠᠰ ᠬᠤᠳᠠᠯᠳᠤᠨ ᠠᠪᠬᠤ ᠳᠤ ᠲᠤᠰᠠᠯᠠᠨ᠎ᠠ᠃ ᠳᠤᠮᠳᠠᠳᠤ ᠤᠯᠤᠰ ᠡᠨᠡ ᠵᠢᠯ ᠤᠨ ᠳᠤᠳᠤᠷ᠎ᠠ ᠠᠹᠷᠢᠺᠠ ᠲᠢᠪ ᠤᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠤᠨ ᠶᠡᠷᠦᠩᠬᠡᠢ ᠭᠠᠵᠠᠷ ᠢ ᠡᠬᠢᠯᠡᠨ ᠪᠠᠶᠢᠭᠤᠯᠵᠤ᠂ ᠠᠹᠷᠢᠺᠠ ᠲᠢᠪ ᠤᠨ ᠬᠢᠨ ᠲᠠᠢ ᠬᠠᠮᠳᠦ ᠪᠠᠷ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ ᠪᠤᠷᠤ ᠲᠦᠯᠦᠪ ᠳᠤᠳᠤᠷᠠᠬᠢ ︽ᠡᠷᠡᠭᠦᠯ ᠮᠡᠨᠳᠦ ᠡᠷᠡᠭᠦᠯ ᠬᠠᠮᠠᠭᠠᠯᠠᠯ ᠤᠨ ᠠᠵᠢᠯᠯᠠᠭᠠᠨ︾ ᠢ ᠰᠠᠶᠢᠳᠤᠷ ᠬᠡᠷᠡᠭᠵᠢᠭᠦᠯᠵᠤ᠂ ᠲᠤᠮᠲᠠᠲᠤ ᠠᠹᠷᠢᠺᠠ ᠶᠢᠨ ᠨᠦᠬᠦᠷᠯᠡᠯ ᠤᠨ ᠡᠮᠨᠡᠯᠭᠡ ᠶᠢᠨ ᠬᠤᠷᠢᠶᠠᠨ ᠤ ᠪᠦᠳᠦᠬᠡᠨ ᠪᠠᠶᠢᠭᠤᠯᠤᠯᠲᠠ ᠪᠤᠯᠤᠨ ᠲᠤᠮᠲᠠᠲᠤ ᠠᠹᠷᠢᠺᠠ ᠶᠢᠨ ᠠᠵᠢᠯ ᠲᠦᠷᠦᠯ ᠨᠢᠭᠡᠳᠠᠢ ᠡᠮᠨᠡᠯᠭᠡ ᠶᠢᠨ ᠬᠤᠷᠢᠶᠠᠨ ᠤ ᠬᠠᠮᠲᠤᠷᠠᠯᠴᠠᠭ᠎ᠠ ᠶᠢ ᠲᠦᠷᠭᠡᠳᠭᠡᠵᠦ᠂ ᠲᠤᠮᠲᠠᠲᠤ ᠠᠹᠷᠢᠺᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠤᠭᠴᠠ ᠶᠢ ᠬᠠᠮᠲᠤ ᠪᠠᠷ ᠪᠠᠶᠢᠭᠤᠯᠤᠨ᠎ᠠ᠃ ᠲᠤᠮᠲᠠᠲᠤ ᠤᠯᠤᠰ᠂ ᠰᠢᠨ᠎ᠠ ᠲᠢᠲᠢᠮᠯᠢᠭ ᠠᠭᠤᠰᠬᠢᠠ ᠦᠷᠪᠢᠰᠦᠯ ᠤᠨ ᠸᠠᠺᠼᠢᠨ ᠢ ᠰᠤᠲᠤᠯᠤᠨ ᠬᠦᠭᠵᠢᠬᠦᠯᠵᠤ ᠠᠰᠢᠠᠠᠯᠠᠯᠲᠠ ᠳᠤ ᠤᠷᠤᠭᠤᠯᠤᠭᠰᠠᠠ ᠤ ᠲᠠᠷᠠᠭ᠎ᠠ ᠲᠤᠷᠠᠲᠠᠶ᠎ᠠ ᠤᠷᠢᠳ ᠢᠶᠠᠷ ᠠᠹᠷᠢᠺᠠ ᠲᠢᠪ ᠤᠨ ᠤᠯᠤᠰ ᠤᠳ ᠲᠤ ᠬᠠᠷᠠᠭᠠᠯᠵᠠᠯ ᠦᠵᠡᠭᠦᠯᠦᠨ᠎ᠠ᠃
    ᠬᠤᠶᠠᠲᠤᠭᠠᠷ ᠲᠤ᠂ ᠪᠢᠲᠠ ᠡᠷᠡᠰ ᠭᠤᠶᠢᠪᠢᠰᠢ ᠦᠭᠡᠢ ᠪᠠᠷ ᠲᠤᠮᠲᠠᠲᠤ ᠠᠹᠷᠢᠺᠠ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠲᠤᠮᠲᠠᠲᠤ ᠤᠯᠤᠰ ᠲᠤᠮᠲᠠᠲᠤ ᠠᠹᠷᠢᠺᠠ ᠶᠢᠨ ᠬᠠᠮᠲᠤᠷᠠᠯᠴᠠᠭ᠎ᠠ ᠶᠢᠨ ᠶᠠᠷᠢᠶᠠᠠ ᠤ ᠲᠠᠪᠴᠠᠩ ᠤᠨ ᠪᠤᠷᠤ ᠲᠦᠯᠦᠪ ᠤᠨ ᠲᠤᠤᠷ᠎ᠠ ᠠᠹᠷᠢᠺᠠ ᠲᠢᠪ ᠤᠨ ᠬᠤᠯᠪᠤᠭᠲᠠᠯ ᠪᠦᠬᠦᠢ ᠤᠯᠤᠰ ᠤᠳ ᠤᠨ 2020 ᠤᠨ ᠤ ᠡᠴᠤᠰ ᠲᠤ ᠬᠤᠭᠤᠴᠠᠭ᠎ᠠ ᠨᠢ ᠲᠤᠯᠬᠤ ᠲᠤᠮᠲᠠᠲᠤ ᠤᠯᠤᠰ ᠠᠴᠠ ᠵᠢᠭᠡᠯᠡᠭᠦᠯᠦᠭᠰᠡᠡ ᠬᠦᠤ ᠮᠦᠩᠭᠦ ᠦᠭᠡᠢ ᠵᠢᠭᠡᠯᠡᠯᠭᠡ ᠶᠢᠨ ᠦᠷᠢ ᠰᠢᠷᠢ ᠶᠢ ᠭᠡᠯᠲᠦᠷᠢᠭᠦᠯᠤᠨ᠎ᠠ᠂ ᠲᠤᠮᠲᠠᠲᠤ ᠤᠯᠤᠰ ᠲᠤᠷᠠᠲᠠᠶ᠎ᠠ ᠲᠡᠯᠡᠭᠡᠢ ᠨᠡᠶᠢᠭᠡᠮ ᠲᠠᠢ ᠬᠠᠮᠲᠤ ᠪᠠᠷ ᠬᠢᠵᠢᠭ ᠤᠨ ᠪᠠᠶᠢᠲᠠᠯ ᠤᠨᠴᠠᠭᠠᠢ ᠬᠦᠨᠲᠦ᠂ ᠲᠠᠷᠤᠭᠠᠰᠤ ᠤᠨᠴᠠᠭᠠᠢ ᠶᠡᠭᠡ ᠪᠠᠶᠢᠭ᠎ᠠ ᠠᠹᠷᠢᠺᠠ ᠲᠢᠪ ᠤᠨ ᠤᠯᠤᠰ ᠤᠳ ᠲᠤ ᠲᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠂ ᠡᠭᠦᠨ ᠳᠤ ᠦᠷᠢ ᠰᠢᠷᠢ ᠪᠠᠨ ᠲᠦᠯᠦᠬᠦ ᠬᠤᠭᠤᠴᠠᠭ᠎ᠠ ᠶᠢ ᠴᠢᠨᠠᠭᠰᠢᠲᠠ ᠤᠷᠲᠤᠳᠬᠠᠠ ᠬᠤᠶᠢᠰᠢᠯᠠᠭᠤᠯᠬᠤ ᠵᠦᠢᠯ ᠪᠠᠭᠳᠠᠵᠦ ᠪᠠᠶᠢᠨ᠎ᠠ᠃ ᠲᠤᠮᠲᠠᠲᠤ ᠶᠢᠨ ᠲᠠᠯ᠎ᠠ ᠶᠢᠨ ᠬᠢᠨ ᠲᠤᠮᠲᠠᠲᠤ ᠤᠯᠤᠰ ᠤᠨ ᠬᠤᠯᠪᠤᠭᠲᠠᠯ ᠪᠦᠬᠦᠢ ᠮᠦᠩᠭᠦᠨ ᠬᠦᠢᠯᠭᠡᠭᠡᠡ ᠤ ᠪᠠᠶᠢᠭᠤᠯᠤᠮᠵᠢ ᠶᠢᠨ ᠬᠤᠷᠢᠨ ᠤᠯᠤᠰ ᠤᠨ ᠪᠦᠯᠦᠭᠯᠡᠯ ᠤᠨ ᠦᠷᠢ ᠰᠢᠷᠢ ᠶᠢ ᠬᠤᠶᠢᠰᠢᠯᠠᠭᠤᠯᠬᠤ ᠰᠠᠨᠠᠭᠠᠴᠢᠯᠠᠭ᠎ᠠ ᠪᠠᠷ ᠯᠠᠪᠯᠠᠯᠲᠠ ᠪᠤᠯᠭᠠᠵᠤ᠂ ᠵᠠᠬ᠎ᠠ ᠲᠡᠯᠭᠡᠭᠦᠷ ᠤᠨ ᠵᠠᠷᠴᠢᠮ ᠢ ᠦᠨᠲᠦᠰᠦᠯᠡᠨ ᠠᠹᠷᠢᠺᠠ ᠲᠢᠪ ᠤᠨ ᠤᠯᠤᠰ ᠤᠳ ᠲᠠᠢ ᠬᠤᠲᠠᠯᠲᠤᠭᠠᠠ ᠤ ᠡᠷᠭᠡ ᠮᠡᠲᠡᠯᠲᠦ ᠵᠢᠭᠡᠯᠡᠯᠭᠡᠡ ᠶᠢᠨ ᠲᠤᠬᠢᠷᠠᠭᠤᠯᠤᠯᠲᠠ ᠶᠢ ᠨᠦᠬᠦᠷᠰᠡᠭ ᠢᠶᠠᠷ ᠵᠦᠪᠲᠡᠬᠦ ᠶᠢ ᠵᠤᠷᠢᠠᠠᠵᠢᠭᠤᠯᠤᠨ᠎ᠠ᠃ ᠲᠤᠮᠲᠠᠲᠤ ᠤᠯᠤᠰ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠭᠦᠨ ᠤᠯᠤᠰ ᠲᠠᠢ ᠬᠠᠮᠲᠤ ᠪᠠᠷ ᠬᠤᠷᠢᠨ ᠤᠯᠤᠰ ᠤᠨ ᠪᠦᠯᠦᠭᠯᠡᠯ ᠤᠨ ᠤᠲᠤᠬᠠᠠ ᠤ ᠦᠷᠢ ᠰᠢᠷᠢ ᠶᠢ ᠬᠤᠶᠢᠰᠢᠯᠠᠭᠤᠯᠬᠤ ᠰᠠᠨᠠᠭᠠᠴᠢᠯᠠᠭ᠎ᠠ ᠶᠢ ᠨᠠᠶᠢᠲᠠᠪᠤᠷᠢᠵᠢᠭᠤᠯᠬᠤ ᠪᠦᠭᠡᠳ ᠬᠤᠷᠢᠨ ᠤᠯᠤᠰ ᠤᠨ ᠪᠦᠯᠦᠭᠯᠡᠯ ᠤᠨ ᠤᠲᠤᠬᠠᠠ ᠤ ᠦᠷᠢ ᠰᠢᠷᠢ ᠶᠢ ᠬᠤᠶᠢᠰᠢᠯᠠᠭᠤᠯᠬᠤ ᠰᠠᠨᠠᠭᠠᠴᠢᠯᠠᠭ᠎ᠠ ᠶᠢ ᠨᠠᠶᠢᠲᠠᠪᠤᠷᠢᠵᠢᠭᠤᠯᠬᠤ ᠰᠠᠭᠤᠷᠢᠨ ᠲᠡᠭᠡᠷ᠎ᠠ ᠠᠹᠷᠢᠺᠠ ᠲᠢᠪ ᠢ ᠪᠠᠭᠲᠠᠭᠠᠭᠰᠠᠠ ᠬᠤᠯᠪᠤᠭᠲᠠᠯ ᠪᠦᠬᠦᠢ ᠤᠯᠤᠰ ᠤᠨ ᠦᠷᠢ ᠰᠢᠷᠢ ᠪᠠᠨ ᠲᠦᠯᠦᠬᠦ ᠬᠤᠭᠤᠴᠠᠭ᠎ᠠ ᠶᠢ ᠴᠢᠨᠠᠭᠰᠢᠲᠠ ᠬᠤᠶᠢᠰᠢᠯᠠᠭᠤᠯᠬᠤ ᠶᠢ ᠬᠦᠰᠡᠡ ᠤᠷᠢᠶᠠᠯᠠᠵᠦ ᠪᠠᠶᠢᠨ᠎ᠠ᠃ ᠲᠡᠯᠡᠭᠡᠢ ᠨᠡᠶᠢᠭᠡᠮ᠂ ᠢᠯᠠᠩᠭᠤᠶ᠎ᠠ ᠬᠦᠭᠵᠢᠭᠰᠡᠡ ᠤᠯᠤᠰ ᠪᠤᠯᠤᠨ ᠤᠯᠠᠠ ᠲᠠᠯᠠᠲᠦ ᠮᠦᠩᠭᠦᠨ ᠬᠦᠢᠯᠭᠡᠭᠡᠡ ᠤ ᠪᠠᠶᠢᠭᠤᠯᠤᠮᠵᠢ ᠠᠴᠠ ᠠᠹᠷᠢᠺᠠ ᠲᠢᠪ ᠤᠨ ᠦᠷᠢ ᠰᠢᠷᠢ ᠶᠢ ᠬᠤᠶᠢᠰᠢᠯᠠᠭᠤᠯᠬᠤ ᠠᠰᠠᠭᠤᠲᠠᠯ ᠤᠨ ᠲᠠᠯ᠎ᠠ ᠪᠠᠷ ᠨᠡᠩ ᠬᠦᠴᠤᠲᠠᠢ ᠠᠷᠭ᠎ᠠ ᠬᠡᠮᠵᠢᠶ᠎ᠠ ᠠᠪᠬᠤ ᠶᠢ ᠬᠦᠰᠡᠵᠦ ᠪᠠᠶᠢᠨ᠎ᠠ᠃ ᠲᠤᠮᠲᠠᠲᠤ ᠤᠯᠤᠰ ᠲᠤᠷᠠᠲᠠᠶ᠎ᠠ ᠠᠹᠷᠢᠺᠠ ᠲᠢᠪ ᠤᠨ ᠬᠢᠨ ᠤ ᠬᠦᠰᠡᠯ ᠪᠤᠳᠤᠯ ᠢ ᠬᠦᠨᠲᠦᠳᠭᠡᠬᠦ ᠰᠠᠭᠤᠷᠢᠨ ᠲᠡᠭᠡᠷ᠎ᠠ ᠤᠯᠠᠠ ᠤᠯᠤᠰ ᠤᠨ ᠬᠤᠯᠪᠤᠭᠠᠲᠤ ᠪᠠᠶᠢᠭᠤᠯᠭ᠎ᠠ᠂ ᠲᠡᠯᠡᠭᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠠ ᠪᠠᠶᠢᠭᠤᠯᠤᠯᠲᠠ ᠵᠢᠴᠢ ᠪᠤᠰᠤᠳ ᠬᠠᠨᠢᠲᠠᠠ ᠯᠤᠭ᠎ᠠ ᠠᠹᠷᠢᠺᠠ ᠲᠢᠪ ᠢ ᠲᠤᠰᠠᠯᠠᠵᠦ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠦᠷᠨᠢᠭᠦᠯᠦᠨ᠎ᠠ᠃ ᠳᠤᠮᠳᠠᠳᠤ ᠤᠯᠤᠰ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠤᠬᠡᠳᠤ ᠠᠷᠠᠯᠵᠢᠶᠠᠨ ᠤ ᠤᠷᠤᠨ ᠤ ᠪᠦᠳᠤᠬᠡᠨ ᠪᠠᠶᠢᠭᠤᠯᠤᠯᠳᠠ ᠶᠢ ᠲᠡᠮᠵᠢᠵᠤ᠂ ᠠᠹᠷᠢᠺᠠ ᠲᠢᠪ ᠤᠨ ᠬᠢᠨ ᠤ ᠬᠠᠷᠢᠯᠴᠠᠨ ᠬᠤᠯᠪᠤᠯᠳᠤᠨ ᠬᠠᠷᠢᠯᠴᠠᠨ ᠨᠡᠪᠳᠡᠷᠡᠯᠴᠡᠬᠦ ᠪᠠ ᠠᠵᠤ ᠤᠢᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢ ᠪᠠᠳᠤᠯᠠᠬᠤ ᠪᠦᠳᠤᠬᠡᠨ ᠪᠠᠶᠢᠭᠤᠯᠤᠯᠳᠠ ᠪᠠᠨ ᠴᠢᠩᠭᠠᠳᠬᠠᠬᠤ ᠶᠢ ᠲᠡᠮᠵᠢᠵᠤ᠂ ᠲᠤᠷᠠᠳᠠᠶ᠎ᠠ ᠠᠹᠷᠢᠺᠠ ᠲᠢᠪ ᠲᠠᠢ ᠬᠠᠮᠳᠤ ᠪᠠᠷ ᠲᠤᠭᠠᠴᠢᠯᠠᠬᠰᠠᠨ ᠠᠵᠤ ᠠᠬᠤᠢ᠂ ᠤᠶᠤᠨᠳᠦ ᠬᠤᠳᠠ᠂ ᠴᠡᠪᠡᠷ ᠡᠨᠧᠷᠬᠢ᠂ 5G ᠵᠡᠷᠬᠡ ᠰᠢᠨ᠎ᠠ ᠡᠵᠡᠩᠨᠠᠯᠳᠠ ᠶᠢᠨ ᠬᠡᠯᠪᠡᠷᠢ ᠶᠢᠨ ᠬᠠᠮᠳᠤᠷᠠᠯᠴᠠᠭ᠎ᠠ ᠶᠢ ᠦᠷᠬᠡᠳᠬᠡᠨ᠎ᠠ᠃
    ᠭᠤᠷᠪᠠᠳᠤᠭᠠᠷ ᠲᠤ᠂ ᠪᠢᠳᠠ ᠡᠷᠡᠰ ᠭᠤᠶᠢᠪᠢᠰᠢ ᠦᠭᠡᠢ ᠪᠠᠷ ᠤᠯᠠᠨ ᠲᠠᠯᠠᠳᠤ ᠦᠵᠡᠯ ᠢ ᠤᠢᠢᠯᠡᠳᠤᠯᠬᠡᠵᠢᠬᠦᠯᠤᠨ᠎ᠠ᠃ ᠳᠤᠮᠳᠠᠳᠤ ᠤᠯᠤᠰ ᠲᠤᠷᠠᠳᠠᠶ᠎ᠠ ᠠᠹᠷᠢᠺᠠ ᠲᠢᠪ ᠯᠦᠭᠡ ᠬᠠᠮᠳᠤ ᠪᠠᠷ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠠᠷ ᠭᠤᠤᠯ ᠪᠤᠯᠭᠠᠬᠰᠠᠨ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠢ ᠬᠠᠮᠠᠭᠠᠯᠠᠵᠤ᠂ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠠᠴᠠ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠲᠡᠮᠡᠴᠡᠯ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠶᠢ ᠲᠡᠮᠵᠢᠨ᠎ᠠ᠃ ᠪᠢᠳᠠ ᠬᠢᠵᠢᠭ ᠤᠨ ᠪᠠᠶᠢᠳᠠᠯ ᠢ ᠤᠯᠤᠰ ᠲᠦᠷᠤᠴᠢᠯᠡᠬᠦ᠂ ᠸᠢᠷᠦ᠋ᠰ ᠢ ᠬᠠᠶ᠋ᠢᠬᠴᠢᠯᠠᠬᠤ ᠶᠢ ᠡᠰᠡᠷᠬᠦᠴᠡᠨ᠂ ᠦᠨᠳᠤᠰᠤᠳᠠᠨ ᠤ ᠭᠠᠳᠠᠭᠤᠷᠴᠢᠯᠠᠯ ᠪᠤᠯᠤᠨ ᠦᠵᠡᠯ ᠤᠬᠠᠮᠰᠠᠷ ᠤᠨ ᠬᠡᠯᠪᠠᠶᠢᠬᠦᠤ ᠦᠵᠡᠯ ᠢ ᠡᠰᠡᠷᠬᠦᠴᠡᠵᠤ᠂ ᠤᠯᠠᠨ ᠤᠯᠤᠰ ᠤᠨ ᠲᠦᠪ ᠭᠤᠤᠯᠴᠢ ᠰᠢᠳᠤᠷᠭᠤ ᠶᠤᠰᠤ ᠶᠢ ᠡᠷᠡᠰ ᠬᠠᠮᠠᠭᠠᠯᠠᠨ᠎ᠠ᠃
    ᠲᠦᠷᠪᠡᠳᠤᠭᠡᠷ ᠲᠤ᠂ ᠪᠢᠳᠠ ᠡᠷᠡᠰ ᠭᠤᠶᠢᠪᠢᠰᠢ ᠦᠭᠡᠢ ᠪᠠᠷ ᠳᠤᠮᠳᠠᠳᠤ ᠠᠹᠷᠢᠺᠠ ᠶᠢᠨ ᠨᠦᠬᠦᠷᠯᠠᠯ ᠢ ᠠᠬᠢᠭᠤᠯᠤᠨ᠎ᠠ᠃ ᠪᠢ ᠲᠤᠷᠠᠳᠠᠶ᠎ᠠ ᠤᠯᠠᠨ ᠲᠠᠢ ᠨᠢᠬᠳᠠ ᠬᠠᠷᠢᠯᠴᠠᠭ᠎ᠠ ᠪᠠᠨ ᠪᠠᠳᠤᠯᠠᠵᠤ᠂ ᠨᠦᠬᠦᠷᠰᠡᠭ ᠢᠳᠡᠬᠡᠯᠴᠡᠭᠡ ᠪᠠᠨ ᠪᠠᠬᠢᠵᠢᠬᠦᠯᠤᠨ᠂ ᠲᠤᠰ ᠲᠤᠰ ᠤᠨ ᠢᠶᠠᠨ ᠭᠤᠤᠯᠯᠠᠬᠴᠢ ᠠᠰᠢᠬ ᠲᠤᠰᠠ ᠶᠢᠨ ᠠᠰᠠᠭᠤᠳᠠᠯ ᠳᠤ ᠬᠠᠷᠢᠯᠴᠠᠨ ᠲᠡᠮᠵᠢᠯᠴᠡᠵᠤ᠂ ᠳᠤᠮᠳᠠᠳᠤ ᠠᠹᠷᠢᠺᠠ ᠪᠤᠯᠤᠨ ᠬᠦᠭᠵᠢᠵᠤ ᠪᠠᠶᠢᠭ᠎ᠠ ᠤᠯᠤᠰ ᠤᠳ ᠤᠨ ᠦᠨᠳᠤᠰᠤᠨ ᠠᠰᠢᠬ ᠲᠤᠰᠠ ᠶᠢ ᠬᠠᠮᠳᠤ ᠪᠠᠷ ᠬᠠᠮᠠᠭᠠᠯᠠᠵᠤ᠂ ᠳᠤᠮᠳᠠᠳᠤ ᠠᠹᠷᠢᠺᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠨᠡᠩ ᠦᠨᠳᠤᠷ ᠲᠦᠪᠰᠢᠨ ᠢᠶᠠᠷ ᠬᠦᠭᠵᠢᠬᠦ ᠶᠢ ᠠᠬᠢᠭᠤᠯᠤᠨ᠎ᠠ᠃
    ᠰᠢ ᠶᠢᠨ ᠫᠢᠩ ᠬᠠᠮᠤᠭ ᠤᠨ ᠰᠡᠬᠦᠯ ᠳᠤ᠂ ᠪᠢᠳᠠ ᠳᠤᠮᠳᠠᠳᠤ ᠠᠹᠷᠢᠺᠠ ᠶᠢᠨ ᠬᠠᠮᠳᠤᠷᠠᠯᠴᠠᠭ᠎ᠠ ᠶᠢᠨ ᠶᠠᠷᠢᠶᠠᠨ ᠤ ᠲᠠᠪᠴᠠᠩ ᠤᠨ ᠪᠡᠬᠡᠵᠢᠩ ᠤᠨ ᠲᠦᠷᠤᠬᠦᠴᠤᠳ ᠤᠨ ᠬᠤᠷᠠᠯ ᠲᠡᠬᠡᠷ᠎ᠠ ᠨᠡᠩ ᠨᠢᠬᠳᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠪᠠᠷ ᠰᠠᠨᠠᠯ ᠨᠢᠬᠡᠳᠠᠢ ᠲᠤᠭᠳᠠᠵᠠᠢ᠃ ᠡᠨᠡ ᠡᠳᠤᠷ ᠪᠢᠳᠠ ᠪᠦᠯᠬᠦᠮᠳᠡᠨ ᠬᠢᠵᠢᠭ ᠤᠨ ᠪᠠᠶᠢᠳᠠᠯ ᠲᠠᠢ ᠲᠡᠮᠡᠴᠡᠬᠦ ᠤᠨᠴᠠᠭᠠᠢ ᠲᠦᠷᠤᠬᠦᠴᠤᠳ ᠤᠨ ᠬᠤᠷᠠᠯ ᠢ ᠬᠤᠷᠠᠯᠳᠤᠭᠤᠯᠤᠭᠰᠠᠨ ᠨᠢ ᠲᠠᠷᠤᠢ ᠪᠤᠳᠠᠳᠤ ᠠᠵᠢᠯᠯᠠᠭ᠎ᠠ ᠪᠠᠷ ᠢᠶᠠᠨ ᠪᠡᠬᠡᠵᠢᠩ ᠤᠨ ᠲᠦᠷᠤᠬᠦᠴᠤᠳ ᠤᠨ ᠬᠤᠷᠠᠯ ᠤᠨ ᠠᠮᠠᠯᠠᠯᠳᠠ ᠶᠢ ᠤᠢᠢᠯᠡᠳᠤᠯᠬᠡᠵᠢᠬᠦᠯᠵᠤ ᠪᠠᠶᠢᠨ᠎ᠠ᠂ ᠮᠦᠨ ᠴᠤ ᠲᠡᠯᠡᠬᠡᠢ ᠶᠢᠷᠳᠢᠨᠴᠤ ᠪᠠᠷ ᠢᠶᠠᠨ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠳᠤ ᠬᠦᠴᠤᠨ ᠨᠡᠮᠡᠷᠢᠯᠠᠵᠤ ᠪᠠᠶᠢᠨ᠎ᠠ᠃ ᠬᠦᠮᠤᠨ ᠲᠦᠷᠤᠯᠬᠢᠳᠠᠨ ᠡᠴᠤᠰ ᠲᠡᠭᠡᠨ ᠬᠢᠵᠢᠭ ᠤᠨ ᠪᠠᠶᠢᠳᠠᠯ ᠢ ᠲᠠᠶᠢᠯᠠᠨ ᠢᠯᠠᠵᠤ᠂ ᠳᠤᠮᠳᠠᠳᠤ ᠠᠹᠷᠢᠺᠠ ᠶᠢᠨ ᠠᠷᠠᠳ ᠲᠦᠮᠡᠨ ᠨᠡᠩ ᠰᠠᠶᠢᠨ ᠰᠠᠶᠢᠬᠠᠨ ᠠᠮᠢᠳᠤᠷᠠᠬᠤ ᠪᠤᠯᠤᠨ᠎ᠠ ᠭᠡᠳᠡᠭ ᠢ ᠪᠢ ᠪᠠᠳᠤ ᠢᠳᠡᠬᠡᠵᠤ ᠪᠠᠶᠢᠨ᠎ᠠ ᠬᠡᠵᠤ ᠴᠢᠬᠤᠯᠠᠴᠢᠯᠠᠪᠠ᠃
    ᠭᠠᠳᠠᠭᠠᠳᠤ ᠶᠢᠨ ᠲᠠᠯ᠎ᠠ ᠶᠢᠨ ᠤᠳᠤᠷᠢᠳᠬᠤ ᠬᠦᠮᠦᠰ ᠦᠭᠡ ᠬᠡᠯᠡᠬᠦ ᠳᠡᠭᠡᠨ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠳᠡᠯᠡᠬᠡᠢ ᠬᠢᠭᠡᠳ ᠠᠹᠷᠢᠺᠠ ᠲᠢᠪ ᠲᠤ ᠦᠷᠪᠢᠰᠦᠨ ᠳᠡᠯᠭᠡᠷᠡᠵᠤ ᠪᠠᠶᠢᠭ᠎ᠠ ᠵᠠᠩᠭᠢᠯᠠᠭ᠎ᠠ ᠶᠢᠨ ᠦᠶ᠎ᠡ ᠳᠤ ᠳᠤᠮᠳᠠᠳᠤ ᠠᠹᠷᠢᠺᠠ ᠪᠦᠯᠬᠦᠮᠳᠡᠨ ᠬᠢᠵᠢᠭ ᠲᠠᠢ ᠲᠡᠮᠡᠴᠡᠬᠦ ᠤᠨᠴᠠᠭᠠᠢ ᠲᠦᠷᠦᠭᠦᠴᠤᠳ ᠤᠨ ᠬᠤᠷᠠᠯ ᠢ ᠬᠤᠷᠠᠯᠳᠤᠭᠤᠯᠤᠭᠰᠠᠨ ᠨᠢ ᠴᠢᠬᠤᠯᠠ ᠠᠴᠢ ᠬᠤᠯᠪᠤᠭᠳᠠᠯ ᠲᠠᠢ ᠶᠤᠮ᠂ ᠡᠨᠡ ᠨᠢ ᠠᠹᠷᠢᠺᠠ ᠳᠤᠮᠳᠠᠳᠤ ᠶᠢᠨ ᠨᠦᠬᠦᠷᠯᠡᠯ ᠤᠨ ᠪᠠᠳᠤ ᠪᠠᠬᠢ᠂ ᠠᠹᠷᠢᠺᠠ ᠳᠤᠮᠳᠠᠳᠤ ᠶᠢᠨ ᠬᠠᠷᠢᠯᠴᠠᠭᠠᠨ ᠤ ᠤᠶᠠᠨ ᠬᠠᠳᠠᠨ ᠴᠢᠨᠠᠷ ᠢ ᠳᠠᠬᠢᠨᠳᠠ     ᠬᠠᠷᠠᠭᠤᠯᠪᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠲᠠᠢ ᠬᠠᠷᠢᠯᠴᠠᠨ ᠳᠡᠮᠵᠢᠯᠴᠡᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠵᠢᠷᠭᠠᠯ ᠵᠤᠪᠠᠯᠠᠩ ᠢᠶᠠᠨ ᠬᠠᠮᠳᠤᠳᠬᠠᠵᠤ᠂ ᠠᠹᠷᠢᠺᠠ ᠲᠢᠪ ᠤᠨ ᠬᠢᠵᠢᠭ ᠲᠠᠢ ᠲᠡᠮᠡᠴᠡᠬᠦ ᠳᠤ ᠡᠳ᠋ ᠪᠤᠳᠠᠰ᠂ ᠮᠡᠷᠭᠡᠵᠢᠯ᠂ ᠲᠤᠷᠰᠢᠯᠭ᠎ᠠ ᠵᠡᠷᠭᠡ ᠲᠠᠯ᠎ᠠ ᠪᠠᠷ ᠡᠷᠬᠢᠮ ᠨᠠᠨᠳᠢᠨ ᠬᠠᠪᠰᠤᠷᠤᠯᠭ᠎ᠠ ᠪᠠ ᠳᠡᠮᠵᠢᠯᠭᠡ ᠦᠵᠡᠭᠦᠯᠦᠭᠰᠡᠨ ᠳᠤ ᠠᠹᠷᠢᠺᠠ ᠲᠢᠪ ᠤᠨ ᠤᠯᠤᠰ ᠤᠳ ᠲᠠᠯᠠᠷᠬᠠᠵᠤ ᠪᠠᠶᠢᠬᠤ ᠪᠠᠨ ᠢᠯᠡᠳᠭᠡᠵᠤ ᠪᠠᠶᠢᠨ᠎ᠠ᠃ ᠬᠢᠵᠢᠭ ᠤᠨ ᠪᠠᠶᠢᠳᠠᠯ ᠪᠤᠯ ᠤᠷᠢᠳ ᠡᠮᠦᠨ᠎ᠡ ᠪᠠᠶᠢᠭ᠎ᠠ ᠦᠭᠡᠢ ᠲᠦᠢᠯ ᠤᠨ ᠬᠦᠨᠳᠦ ᠨᠤᠴᠢᠳᠠᠢ ᠪᠦᠬᠦ ᠳᠡᠯᠡᠭᠡᠢ ᠶᠢᠨ ᠬᠢᠮᠤᠷᠠᠯ ᠮᠦᠨ᠂ ᠳᠡᠯᠡᠬᠡᠢ ᠨᠡᠶᠢᠭᠡᠮ ᠤᠨ ᠡᠯ᠎ᠠ ᠲᠠᠯ᠎ᠠ ᠶᠢᠨ ᠬᠢᠨ ᠪᠦᠯᠬᠦᠮᠳᠡᠯ ᠢᠶᠠᠨ ᠴᠢᠩᠭᠠᠳᠬᠠᠨ᠂ ᠤᠯᠠᠨ ᠲᠠᠯᠠᠳᠤ ᠦᠵᠡᠯ ᠢ ᠪᠠᠷᠢᠮᠳᠠᠯᠠᠵᠤ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠵᠡᠷᠭᠡ ᠤᠯᠠᠨ ᠤᠯᠤᠰ ᠤᠨ ᠪᠠᠶᠢᠭᠤᠯᠤᠮᠵᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠪᠡᠯ ᠰᠠᠶ᠋ᠢ ᠲᠠᠶᠢᠯᠠᠯᠳᠤᠭᠠᠨ ᠤ ᠢᠯᠠᠯᠳᠠ ᠶᠢ ᠤᠯᠵᠤ ᠴᠢᠳᠠᠨ᠎ᠠ᠃ ᠬᠤᠯᠪᠤᠭᠳᠠᠯ ᠪᠦᠬᠦᠢ ᠠᠪᠤᠴᠠᠭᠠᠳᠤ ᠤᠯᠤᠰ ᠪᠤᠯᠤᠨ ᠤᠯᠠᠨ ᠤᠯᠤᠰ ᠤᠨ ᠮᠦᠩᠭᠦᠨ ᠭᠦᠢᠯᠭᠡᠬᠡᠨ ᠤ ᠪᠠᠶᠢᠭᠤᠯᠤᠮᠵᠢ ᠶᠢᠨ ᠬᠢᠨ ᠠᠹᠷᠢᠺᠠ ᠲᠢᠪ ᠤᠨ ᠤᠯᠤᠰ ᠤᠳ ᠤᠨ ᠦᠷᠢ ᠰᠢᠷᠢ ᠶᠢ ᠴᠢᠨᠠᠭᠰᠢᠳᠠ ᠬᠤᠶᠢᠰᠢᠯᠠᠭᠤᠯᠵᠤ᠂ ᠤᠨᠤᠰᠢᠯᠠᠨ ᠡᠮᠨᠡᠬᠦ᠂ ᠡᠮ ᠲᠠᠩ᠂ ᠸᠠᠺᠼᠢᠨ ᠤ ᠰᠤᠳᠤᠯᠭᠠᠨ ᠵᠡᠷᠭᠡ ᠲᠠᠯ᠎ᠠ ᠶᠢᠨ ᠬᠠᠮᠳᠤᠷᠠᠯᠴᠠᠭ᠎ᠠ ᠶᠢ ᠴᠢᠩᠭᠠᠳᠬᠠᠨ᠂ ᠠᠹᠷᠢᠺᠠ ᠲᠢᠪ ᠤᠨ ᠤᠯᠤᠰ ᠤᠳ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠤ᠂ ᠠᠵᠤ ᠠᠬᠤᠢ ᠪᠠᠨ ᠰᠡᠷᠭᠦᠭᠡᠬᠦ᠂ ᠪᠡᠶ᠎ᠠ ᠪᠠᠨ ᠳᠠᠭᠠᠭᠠᠬᠰᠠᠨ ᠦᠷᠭᠦᠯᠵᠢᠯᠡᠬᠦ ᠬᠦᠭᠵᠢᠯᠳᠡ ᠶᠢ ᠪᠡᠶᠡᠯᠡᠭᠦᠯᠬᠦ ᠳᠤ ᠲᠤᠰᠠᠯᠠᠮᠵᠢ ᠦᠵᠡᠬᠦᠯᠬᠦ ᠶᠢ ᠠᠹᠷᠢᠺᠠ ᠲᠢᠪ ᠤᠨ ᠬᠢᠨ ᠬᠦᠰᠡᠨ ᠤᠷᠢᠶᠠᠯᠠᠵᠤ ᠪᠠᠶᠢᠨ᠎ᠠ᠃ ᠡᠨᠡ ᠲᠠᠯ᠎ᠠ ᠪᠠᠷ ᠳᠤᠮᠳᠠᠳᠤ ᠤᠯᠤᠰ ᠳᠠᠭᠤᠷᠢᠶᠠᠯ ᠪᠤᠯᠵᠦ ᠪᠠᠶᠢᠨ᠎ᠠ᠂ ᠳᠤᠮᠳᠠᠳᠤ ᠤᠯᠤᠰ ᠪᠤᠯ ᠠᠹᠷᠢᠺᠠ ᠲᠢᠪ ᠤᠨ ᠪᠦᠬᠦ ᠲᠠᠯ᠎ᠠ ᠶᠢᠨ ᠰᠠᠶᠢᠨ ᠨᠠᠶᠢᠵᠠ᠂ ᠰᠠᠶᠢᠨ ᠬᠠᠨᠢᠳᠠᠨ ᠮᠦᠨ ᠭᠡᠳᠡᠭ ᠢ ᠪᠤᠳᠠᠳᠦ ᠠᠵᠢᠯᠯᠠᠭ᠎ᠠ ᠪᠠᠷ ᠢᠶᠠᠨ ᠳᠠᠬᠢᠨᠳᠠ ᠭᠡᠷᠡᠴᠢᠯᠡᠪᠡ᠃ ᠠᠹᠷᠢᠺᠠ ᠲᠢᠪ ᠤᠨ ᠬᠢᠨ ᠠᠹᠷᠢᠺᠠ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠬᠦᠭᠵᠢᠭᠦᠯᠬᠦ ᠪᠠᠷ ᠬᠦᠴᠦᠯᠡᠨ ᠴᠢᠷᠮᠠᠶᠢᠵᠤ᠂ ᠠᠹᠷᠢᠺᠠ ᠳᠤᠮᠳᠠᠳᠤ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠳᠤ ᠶᠢᠨ ᠴᠤᠭᠴᠠ ᠶᠢ ᠬᠠᠮᠳᠦ ᠪᠠᠷ ᠪᠠᠶᠢᠭᠤᠯᠵᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠠᠹᠷᠢᠺᠠ ᠳᠤᠮᠳᠠᠳᠤ ᠶᠢᠨ ᠤᠯᠠᠮᠵᠢᠯᠠᠯᠳᠤ ᠨᠦᠬᠦᠷᠯᠡᠯ ᠦᠨᠢ ᠮᠦᠩᠬᠡ ᠤᠷᠤᠰᠢᠬᠤ ᠪᠤᠯᠳᠤᠭᠠᠢ ᠭᠡᠵᠤ ᠢᠯᠡᠳᠭᠡᠵᠡᠭᠡᠪᠡ᠃
    ᠲᠤᠰ ᠤᠳᠠᠭ᠎ᠠ ᠶᠢᠨ ᠬᠤᠷᠠᠯ ᠨᠢ ᠪᠤᠳᠠᠳᠠᠢ ᠶᠢ ᠡᠷᠬᠢᠮᠯᠡᠨ ᠦᠨᠳᠦᠷ ᠪᠦᠲᠦᠮᠵᠢᠳᠠᠢ ᠶᠠᠪᠤᠭᠳᠠᠵᠤ᠂ ᠢᠳᠡᠪᠬᠢᠳᠠᠢ ᠨᠦᠬᠦᠷᠰᠡᠭ ᠪᠠᠶᠢᠳᠠᠯ ᠲᠤᠮᠳᠠ ᠴᠢᠬᠤᠯᠠ ᠬᠠᠮᠳᠤ ᠶᠢᠨ ᠲᠠᠨᠢᠯᠳᠠ ᠲᠠᠢ ᠪᠤᠯᠵᠠᠢ᠃ ᠲᠦᠷᠦᠭᠦᠴᠤᠳ ᠤᠨ ᠬᠤᠷᠠᠯ ᠠᠴᠠ ︽ᠳᠤᠮᠳᠠᠳᠤ ᠠᠹᠷᠢᠺᠠ ᠪᠦᠯᠬᠦᠮᠳᠡᠨ ᠬᠢᠵᠢᠭ ᠲᠠᠢ ᠲᠡᠮᠡᠴᠡᠬᠦ ᠤᠨᠴᠠᠭᠠᠢ ᠲᠦᠷᠦᠭᠦᠴᠤᠳ ᠤᠨ ᠬᠤᠷᠠᠯ ᠤᠨ ᠬᠠᠮᠳᠤᠷᠠᠭᠰᠠᠨ ᠢᠯᠡᠷᠬᠡᠶᠢᠯᠡᠯᠳᠡ︾ ᠶᠢ ᠨᠡᠶᠢᠳᠡᠯᠡᠪᠡ᠃ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠳᠤᠮᠳᠠᠳᠤ ᠠᠹᠷᠢᠺᠠ ᠶᠢᠨ ᠨᠦᠬᠦᠷᠯᠡᠯ ᠢ ᠭᠦᠨᠵᠡᠭᠡᠶᠢᠷᠡᠭᠦᠯᠵᠤ᠂ ᠬᠠᠷᠢᠯᠴᠠᠨ ᠳᠡᠮᠵᠢᠯᠴᠡᠬᠦ ᠪᠠᠨ ᠴᠢᠩᠭᠠᠳᠬᠠᠨ᠂ ᠨᠡᠩ ᠨᠢᠭᠳᠠ ᠳᠤᠮᠳᠠᠳᠤ ᠠᠹᠷᠢᠺᠠ ᠶᠢᠨ ᠬᠤᠪᠢ ᠵᠤᠶᠠᠭᠠᠨ ᠤ ᠬᠠᠮᠳᠤ ᠶᠢᠨ ᠴᠤᠭᠴᠠ ᠶᠢ ᠴᠢᠷᠮᠠᠶᠢᠨ ᠪᠠᠶᠢᠭᠤᠯᠬᠤ ᠪᠠᠷ ᠵᠤᠷᠢᠭ ᠰᠢᠭᠤᠳᠪᠠ︔ ᠪᠦᠯᠬᠦᠮᠳᠡᠨ ᠬᠠᠮᠳᠤᠷᠠᠯᠴᠠᠬᠤ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠵᠢᠴᠢ ᠳᠡᠯᠡᠭᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ ᠶᠢᠨ ᠳᠠᠭᠠᠭᠤᠯᠬᠤ ᠪᠠ ᠵᠤᠬᠢᠴᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠤ᠂ ᠭᠠᠷ ᠬᠤᠯᠪᠤᠨ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠪᠠᠷ ᠵᠤᠷᠢᠭ ᠰᠢᠭᠤᠳᠪᠠ︔ ᠳᠤᠮᠳᠠᠳᠤ ᠠᠹᠷᠢᠺᠠ ᠶᠢᠨ ᠬᠠᠮᠳᠤᠷᠠᠯᠴᠠᠭ᠎ᠠ ᠶᠢᠨ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠤᠳ ᠤᠨ ᠬᠤᠷᠠᠯ ᠤᠨ ᠦᠷ᠎ᠠ ᠪᠦᠲᠦᠭᠡᠯ ᠢ ᠳᠠᠷᠤᠢ ᠲᠦᠷᠭᠡᠨ ᠨᠠᠶᠢᠳᠠᠪᠤᠷᠢᠵᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠵᠢᠯ ᠦᠢᠯᠡᠳᠪᠦᠷᠢᠯᠡᠯ ᠢ ᠰᠡᠷᠭᠦᠭᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠨᠡᠩ ᠢᠯᠡᠭᠦᠦ ᠬᠠᠷᠠᠭᠠᠯᠵᠠᠯ ᠦᠵᠡᠭᠦᠯᠬᠦ ᠪᠠᠷ ᠵᠤᠷᠢᠭ ᠰᠢᠭᠤᠳᠪᠠ︔ ᠤᠯᠠᠨ ᠲᠠᠯᠠᠳᠤ ᠦᠵᠡᠯ ᠢ ᠬᠠᠮᠠᠭᠠᠯᠠᠵᠤ᠂ ᠬᠢᠵᠢᠭ ᠤᠨ ᠪᠠᠶᠢᠳᠠᠯ ᠢ ᠤᠯᠤᠰ ᠲᠦᠷᠦᠴᠢᠯᠡᠬᠦ ᠶᠢ ᠡᠰᠡᠷᠭᠦᠴᠡᠵᠤ᠂ ᠲᠡᠯᠡᠬᠡᠢ ᠶᠢᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠬᠤ ᠪᠠᠷ ᠵᠤᠷᠢᠭ ᠰᠢᠭᠤᠳᠪᠠ᠃
    ᠳ᠋ᠢᠩ ᠰᠢᠤᠸᠠᠢ ᠰᠢᠶᠠᠩ᠂ ᠰᠦᠨ ᠴᠦᠨ ᠯᠠᠨ᠂ ᠸᠠᠩ ᠢ᠂ ᠾᠧ ᠯᠢ ᠹᠧᠩ ᠨᠠᠷ ᠤᠷᠤᠯᠴᠠᠵᠠᠢ᠃


×
正在建设当中
×
正在建设当中